ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠡᠵᠡᠨ ᠬᠤᠷᠤᠭ᠎ᠠ ᠬᠤᠰᠢᠭᠤᠨ ᠳᠤ ᠳᠠᠬᠢᠨ ᠡᠭᠦᠰᠴᠦ ᠪᠣᠯᠬᠤ ᠡᠨᠧᠷᠭᠢ ᠶᠢᠨ ᠬᠠᠩᠭᠠᠯᠭ᠎ᠠ ᠶᠢ ᠰᠢᠩᠭᠡᠭᠡᠬᠦ ᠰᠢᠰᠲ᠋ᠧᠮ ᠤᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/10/20
         10 ᠳ᠋ᠣᠭᠠᠷ ᠰᠠᠷ᠎ᠠ ᠶᠢᠨ 18᠎ ᠤ ᠡᠳᠦᠷ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ᠂ ᠣᠷᠴᠢᠨ ᠲᠣᠭᠤᠷᠢᠨ ᠬᠢᠭᠡᠳ ᠡᠬᠢ ᠪᠠᠶᠠᠯᠢᠭ ᠤᠨ ᠬᠠᠮᠠᠭᠠᠯᠠᠯᠲᠠ ᠶᠢᠨ ᠵᠥᠪᠯᠡᠯ ᠤᠨ ᠡᠷᠬᠢᠯᠡᠭᠴᠢ ᠭᠡᠰᠢᠭᠦᠨ ᠯᠦ ᠰᠢᠨ ᠱᠧ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠡᠵᠡᠨ ᠬᠤᠷᠤᠭ᠎ᠠ ᠬᠤᠰᠢᠭᠤᠨ ᠳᠤ  ᠳᠠᠬᠢᠨ ᠡᠭᠦᠰᠴᠦ ᠪᠣᠯᠬᠤ ᠡᠨᠧᠷᠭᠢ ᠶᠢᠨ ᠬᠠᠩᠭᠠᠯᠭ᠎ᠠ ᠶᠢ ᠰᠢᠩᠭᠡᠭᠡᠬᠦ ᠰᠢᠰᠲ᠋ᠧᠮ ᠤᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃
全国人大环资委调研组来伊金霍洛旗调研可再生能源供给消纳体系建设情况.jpg
     ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠶᠤᠸᠠᠨ ᠵᠢᠩ ᠣᠷᠳᠣᠰ ᠤᠨ ᠣᠲᠣ ᠦᠶ᠎ᠡ ᠶᠢᠨ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠲᠥᠷᠥᠯ ᠵᠦᠢᠯ᠂ ᠬᠤᠸᠠ ᠵᠢᠩ ᠹᠤᠰᠹᠤᠷ ᠬᠦᠴᠢᠯ ᠤᠨ ᠲᠡᠮᠦᠷ ᠯᠢᠲ᠋ᠢ ᠶᠢᠨ ᠠᠷᠭ᠎ᠠ ᠲᠦᠢᠯ ᠤᠨ ᠮᠠᠲ᠋ᠧᠷᠢᠶᠠᠯ ᠤᠨ ᠲᠥᠷᠥᠯ ᠵᠦᠢᠯ᠂ ᠯᠦᠩ ᠵᠢᠶ ᠬᠡᠷᠡᠯ ᠴᠡᠨᠡᠭ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠳᠤ ᠭᠦᠨᠵᠡᠭᠡᠶᠢᠷᠡᠵᠦ᠂ ᠲᠥᠷᠥᠯ ᠵᠦᠢᠯ ᠤᠨ ᠲᠠᠨᠢᠯᠴᠠᠭᠤᠯᠭ᠎ᠠ ᠶᠢ ᠰᠣᠨᠣᠰᠴᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ᠂ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠡᠵᠡᠨ ᠬᠤᠷᠤᠭ᠎ᠠ ᠬᠤᠰᠢᠭᠤᠨ ᠤ ᠳᠠᠬᠢᠨ ᠡᠭᠦᠰᠴᠦ ᠪᠣᠯᠬᠤ ᠡᠨᠧᠷᠭᠢ ᠶᠢᠨ ᠬᠠᠩᠭᠠᠯᠭ᠎ᠠ ᠶᠢ ᠰᠢᠩᠭᠡᠭᠡᠬᠦ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢ ᠭᠦᠢᠴᠡᠳ ᠨᠤᠲᠠᠯᠠᠪᠠ᠃     ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠬᠤ ᠳᠠᠭᠠᠨ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠠᠬᠢᠨ ᠡᠬᠦᠰᠴᠦ ᠪᠤᠯᠬᠤ ᠡᠨᠧᠷᠭᠢ ᠶᠢᠨ ᠬᠥᠭᠵᠢᠯᠲᠡ ᠶᠢ ᠠᠬᠢᠭᠤᠯᠬᠤ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠣᠷᠣᠨ ᠨᠤᠲᠤᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠰ ᠪᠡᠶ᠎ᠡ ᠶᠢᠨ ᠳᠠᠪᠠᠭᠤᠯᠢᠭ ᠢᠶᠠᠨ ᠤᠯᠠᠮ ᠴᠢᠨᠠᠭᠰᠢᠳᠠ ᠪᠠᠳᠠᠷᠠᠭᠤᠯᠵᠤ᠂ ᠡᠨᠧᠷᠭᠢ ᠶᠢᠨ ᠪᠦᠲᠦᠴᠡ ᠪᠣᠯᠤᠨ ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠦᠨ ᠳᠤᠬᠢᠷᠠᠭᠤᠯᠵᠤ᠂ ᠪᠣᠬᠢᠷᠲᠤᠯ ᠦᠭᠡᠢ ᠲᠤᠤᠷ᠎ᠠ ᠨᠡᠬᠦᠷᠡᠰᠦᠳᠦ᠋ᠷᠦᠭᠴᠢᠳᠣ ᠦᠢᠯᠡᠳᠪᠦᠷᠢᠯᠡᠯ ᠤᠨ ᠠᠷᠭ᠎ᠠ ᠬᠡᠯᠪᠡᠷᠢ ᠪᠣᠯᠤᠨ ᠠᠮᠢᠳᠤᠷᠠᠯ ᠤᠨ ᠠᠷᠭ᠎ᠠ ᠬᠡᠯᠪᠡᠷᠢ ᠶᠢ ᠲᠦᠷᠭᠡᠨ ᠪᠦᠷᠢᠯᠳᠦᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠳᠤ ᠲᠠᠰᠤᠷᠠᠯᠲᠠ ᠦᠭᠡᠢ ᠴᠡᠪᠡᠷ ᠡᠨᠧᠷᠭᠢ ᠬᠠᠩᠭᠠᠬᠤ ᠬᠡᠷᠡᠭᠲᠡᠢ ᠬᠡᠪᠡ᠃     ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠦ᠋ ᠶᠠᠨ ᠭᠠᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠯᠢᠦ ᠹᠧᠩ ᠶᠦᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠱᠢ ᠶᠠᠨ ᠵᠢᠶᠧ᠂ ᠬᠤᠰᠢᠭᠤᠨ ᠤ ᠤᠳᠤᠷᠢᠳᠤᠯᠭ᠎ᠠ ᠡᠤ ᠶᠦᠨ᠂ ᠵᠣᠣ ᠬᠠᠶ ᠯᠦ ᠵᠢᠴᠢ ᠦᠪᠦᠷ ᠮᠤᠩᠭᠤᠯ ᠵᠢᠶᠠᠩᠰᠤ ᠶᠢᠨ ᠠᠵᠤ ᠠᠬᠤᠶ ᠶᠢᠨ ᠨᠡᠭᠡᠭᠡᠯᠲᠡ ᠶᠢᠨ ᠤᠷᠤᠨ ᠤ ᠬᠤᠯᠪᠣᠭᠳᠠᠯ ᠪᠥᠬᠦᠶ ᠤᠳᠤᠷᠢᠳᠤᠯᠭ᠎ᠠ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ