ᠰᠡᠳᠬᠢᠯ ᠢ ᠳᠤᠯᠠᠭᠠᠴᠠᠭᠤᠯᠬᠤ ᠨᠡᠭᠦᠷᠡᠰᠦ ᠦᠵᠡᠰᠭᠦᠯᠡᠩᠲᠦ ᠰᠠᠢᠬᠠᠨ ᠪᠤᠬᠢᠷᠳᠤᠯ ᠦᠬᠡᠢ ᠬᠤᠲᠠ ᠶᠢᠨ ᠮᠠᠯᠴᠢᠨ ᠲᠠᠷᠢᠶᠠᠴᠢᠳ ᠤᠨ ᠰᠡᠳᠭᠢᠯ ᠢ ᠲᠤᠯᠠᠭᠠᠴᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/10/20
        9 ᠳ᠋ᠣᠭᠡᠷ ᠰᠠᠷ᠎ᠠ ᠶᠢᠨ 25᠎ ᠤ ᠡᠳᠦᠷ᠂ ᠡᠵᠡᠨ ᠬᠤᠷᠤᠭ᠎ᠠ ᠬᠤᠰᠢᠭᠤ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠲᠠᠷᠬᠠᠭᠠᠬᠤ ᠠᠵᠢᠯ ᠢ ᠵᠢᠩᠬᠢᠨᠢ ᠪᠠᠷ ᠡᠬᠢᠯᠡᠭᠦᠯᠵᠦ᠂ ᠪᠥᠬᠦ ᠬᠤᠰᠢᠭᠤᠨ ᠤ 7 ᠪᠠᠯᠭᠠᠰᠤᠨ ᠤ 18987 ᠡᠷᠦᠬᠡ ᠬᠥᠳᠡᠭᠡ ᠲᠣᠰᠬᠤᠨ ᠤ ᠬᠦᠴᠢᠷᠳᠡᠯᠲᠡᠶ ᠣᠯᠠᠨ ᠲᠦᠮᠡᠨ ᠳᠤ 38629 ᠲᠣᠨ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠲᠠᠷᠬᠠᠭᠠᠵᠤ᠂ ᠣᠶᠢᠷ᠎ᠠ ᠳᠤ ᠪᠦᠬᠦᠨ ᠢ ᠪᠣᠳᠠᠲᠠᠶ ᠲᠠᠷᠬᠠᠭᠠᠵᠤ᠂ ᠮᠠᠯᠴᠢᠨ ᠲᠠᠷᠢᠶᠠᠴᠢᠨ ᠤ ᠬᠠᠯᠠᠭᠤᠨ ᠳᠤᠯᠠᠭᠠᠨ ᠡᠪᠦᠯᠵᠢᠬᠦ ᠶᠢ ᠪᠠᠲᠤᠯᠠᠪᠠ᠃
暖心煤1.jpg
     ᠡᠵᠡᠨ ᠬᠤᠷᠤᠭ᠎ᠠ ᠪᠠᠯᠭᠠᠰᠤᠨ ᠤ ᠯᠤᠩᠬᠤ ᠶᠢᠨ ᠵᠡᠪᠡ ᠲᠣᠰᠬᠤᠨ ᠳᠤ᠂ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠬᠡᠬᠦ ᠬᠥᠨᠳᠡᠯᠡᠨ ᠪᠢᠴᠢᠭᠡᠰᠦ ᠲᠠᠢ ᠨᠡᠬᠦᠷᠡᠰᠦ ᠲᠡᠭᠡᠭᠡᠭᠰᠡᠨ ᠲᠣᠮᠣ ᠠᠴᠢᠶᠠᠨ ᠤ ᠮᠠᠰᠢᠨ ᠲᠡᠷᠭᠡ ᠡᠮᠬᠢ ᠵᠢᠷᠤᠮ ᠲᠠᠢ ᠪᠠᠷ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾᠎ ᠶᠢ ᠲᠣᠭᠲᠠᠭᠰᠠᠨ ᠲᠠᠷᠬᠠᠭᠠᠬᠤ ᠴᠡᠭ ᠲᠤ ᠪᠠᠭᠤᠯᠭᠠᠪᠠ᠃ ᠴᠢᠮᠡᠭᠡ ᠰᠣᠨᠣᠰᠤᠭᠠᠳ ᠬᠦᠷᠦᠯᠴᠡᠨ ᠢᠷᠡᠭᠰᠡᠨ ᠲᠣᠰᠬᠤᠨ ᠤ ᠠᠷᠠᠳ ᠥᠪᠡᠷ ᠤᠨ ᠭᠤᠷᠪᠠᠨ ᠬᠦᠷᠳᠦᠲᠦ ᠲᠡᠷᠭᠡ᠂ ᠳᠥᠷᠪᠡᠨ ᠬᠦᠷᠳᠦᠲᠦ ᠲᠡᠷᠭᠡ ᠪᠠᠨ ᠮᠠᠰᠢ ᠪᠠᠶᠠᠷᠲᠠᠢ ᠪᠠᠷ ᠵᠢᠯᠣᠭᠤᠳᠴᠤ ᠪᠠᠶᠢᠯ᠎ᠠ᠃
暖心煤2.jpg
     ᠲᠣᠰᠬᠤᠨ ᠤ ᠠᠷᠠᠳ ᠮᠠ ᠴᠠᠨ ᠬᠤᠸᠠ᠄     ︽ᠪᠢᠳᠡ ᠡᠨᠡ ᠵᠢᠯ ᠪᠠᠰᠠ ᠵᠠᠰᠠᠭ ᠤᠨ ᠣᠷᠳᠣᠨ ᠪᠣᠯᠤᠨ ᠱᠧᠩ ᠶᠤᠸᠠᠨ ᠺᠤᠮᠫᠠᠨᠢ ︵ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ︶᠎ ᠶᠢᠨ ᠪᠢᠳᠡᠨ ᠳᠤ ᠠᠪᠴᠢᠷᠠᠵᠤ ᠥᠭᠭᠦᠭᠰᠡᠨ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾᠎ ᠶᠢ ᠬᠦᠯᠢᠶᠡᠨ ᠠᠪᠤᠯ᠎ᠠ᠂ ᠡᠨᠡ ᠵᠢᠯ ᠪᠤᠯ ᠭᠤᠷᠪᠠᠳᠤᠭᠠᠷ ᠵᠢᠯ ᠪᠤᠯᠪᠠ᠂ ᠮᠠᠨ ᠤ ᠠᠷᠠᠳ ᠤᠯᠠᠨ ᠦᠨᠡᠬᠡᠷ ᠮᠠᠰᠢ ᠪᠠᠶᠠᠷᠯᠠᠵᠤ ᠪᠠᠶᠢᠨ᠎ᠠ︾ ᠭᠡᠵᠦ ᠬᠡᠯᠡᠪᠡ᠃     ᠰᠢᠨ ᠨᠧᠩ ᠠᠭᠤᠷᠬᠠᠢ ᠶᠢᠨ ᠦᠢᠯᠡᠰ ᠤᠨ ᠺᠣᠮᠫᠠᠨᠢ ᠶᠢᠨ ᠶᠡᠷᠦᠩᠬᠡᠢ ᠳᠠᠭᠠᠭᠠᠮᠠᠯ ᠤᠨ ᠲᠤᠰᠠᠯᠠᠭᠴᠢ ᠮᠠ ᠮᠠᠨ ᠴᠢᠦ᠄     ︽ᠲᠡᠭᠡᠭᠡᠪᠦᠷᠢ ᠶᠢᠨ ᠭᠤᠭᠴᠤᠭ᠎ᠠ ᠳᠤ ᠪᠠᠰᠠ ᠲᠤᠰᠬᠠᠶ ᠬᠥᠮᠦᠨ ᠲᠣᠬᠢᠷᠠᠭᠤᠯᠤᠨ ︿ᠰᠡᠳᠬᠢᠯ ᠢ ᠳᠤᠯᠠᠭᠠᠴᠠᠭᠤᠯᠬᠤ ᠨᠡᠭᠦᠷᠡᠰᠦ﹀᠎ ᠶᠢᠨ ᠲᠡᠷᠭᠡ  ᠶᠢ ᠥᠨᠳᠥᠷ ᠪᠦᠲᠦᠮᠵᠢᠲᠡᠶ᠂ ᠲᠦᠷᠭᠡᠨ ᠵᠥᠭᠡᠭᠡᠪᠦᠷᠢᠯᠡᠬᠦ ᠶᠢ ᠪᠠᠲᠤᠯᠠᠪᠠ᠃ ᠪᠢᠳᠡ ᠪᠠᠰᠠ ᠵᠠᠷᠢᠮ ᠵᠠᠯᠭᠠᠮᠵᠢ ᠮᠥᠷᠳᠡᠬᠦ ᠲᠣᠭᠲᠠᠴᠠ ᠶᠢ ᠪᠠᠶᠢᠭᠤᠯᠵᠤ᠂ ᠳᠠᠷᠤᠶ ᠶᠠᠪᠤᠴᠠ ᠳᠤ ᠠᠷᠠᠳ ᠢᠷᠭᠡᠳ ᠤᠨ ᠨᠡᠭᠦᠷᠡᠰᠦᠨ ᠤ ᠶᠠᠰᠤ ᠴᠢᠨᠠᠷ ᠲᠤ ᠶᠠᠮᠠᠷ ᠠᠰᠠᠭᠤᠳᠠᠯ ᠬᠠᠷᠢᠭᠤ ᠲᠤᠰᠬᠠᠪᠠᠯ᠂ ᠮᠠᠨ ᠤ ᠬᠠᠷᠢᠭᠤ ᠲᠤᠰᠬᠠᠭᠰᠠᠨ ᠮᠡᠳᠡᠭᠡ ᠵᠠᠩᠭᠢ ᠶᠢ ᠦᠨᠳᠦᠰᠦᠯᠡᠨ ᠴᠠᠭ ᠲᠤᠬᠠᠶ ᠳᠤᠨᠢ ᠰᠠᠶᠢᠵᠢᠷᠠᠭᠤᠯᠬᠤ ᠪᠣᠯᠤᠨ᠎ᠠ︾ ᠭᠡᠵᠡᠶ᠃
暖心煤3.jpg
     ᠣᠶᠢᠯᠠᠭᠠᠭᠰᠠᠨ ᠢᠶᠠᠷ᠂ ᠣᠯᠠᠨ ᠲᠦᠮᠡᠨ ᠤ ᠠᠮᠤᠷ ᠲᠦᠪᠰᠢᠨ ᠳᠤᠯᠠᠭᠠᠨ ᠪᠦᠯᠢᠶᠡᠨ ᠡᠪᠦᠯᠵᠢᠬᠦ ᠠᠵᠢᠯ ᠢ ᠰᠠᠶᠢᠲᠤᠷ ᠬᠢᠬᠦ ᠪᠣᠯ ᠣᠯᠠᠨ ᠲᠦᠮᠡᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠮᠡᠳᠡᠷᠡᠭᠦᠯᠬᠦ᠂ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃ ᠡᠵᠡᠨ ᠬᠤᠷᠤᠭ᠎ᠠ ᠬᠤᠰᠢᠭᠤ ᠣᠯᠠᠨ ᠲᠦᠮᠡᠨ ᠳᠤ ᠲᠥᠬᠦᠮ ᠦᠵᠡᠭᠦᠯᠬᠦ᠂ ᠣᠯᠠᠨ ᠲᠦᠮᠡᠨ ᠳᠤ ᠠᠰᠢᠭ ᠬᠦᠷᠲᠡᠭᠡᠬᠦ᠂ ᠣᠯᠠᠨ ᠲᠦᠮᠡᠨ ᠢ ᠬᠠᠯᠠᠮᠵᠢᠯᠠᠬᠤ ᠪᠠᠷ ᠬᠠᠷᠠᠯᠲᠠ ᠪᠣᠯᠭᠠᠵᠤ᠂ ᠨᠡᠭᠦᠷᠡᠰᠦᠨ ᠤ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠤᠷ᠎ᠠ᠂ ᠲᠡᠭᠡᠭᠡᠪᠦᠷᠢ ᠶᠢᠨ ᠲᠠᠰ ᠳᠠᠷᠠᠭᠠᠯᠠᠯ ᠢ ᠵᠢᠷᠤᠮᠵᠢᠭᠤᠯᠵᠤ᠂ ᠡᠨᠡᠬᠦ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠠᠷᠠᠳ ᠣᠯᠠᠨ ᠢ ᠳᠤᠯᠠᠭᠠᠨ ᠪᠦᠯᠢᠶᠡᠨ ᠡᠪᠦᠯᠵᠢᠭᠦᠯᠬᠦ ᠶᠢ ᠪᠠᠲᠤᠯᠠᠪᠠ᠃
暖心煤4.jpg
        ᠥᠪᠥᠷ ᠮᠣᠩᠭᠤᠯ ᠤᠨ ᠱᠧᠩ ᠶᠤᠸᠠᠨ ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠠᠷᠢᠶ᠎ᠠ ᠬᠤᠪᠢᠶᠠᠷᠢ ᠺᠣᠮᠫᠠᠨᠢ ᠶᠢᠨ ᠥᠪᠥᠷ ᠮᠣᠩᠭᠤᠯ ᠤᠨ ᠪᠠᠢ ᠴᠧᠨ ᠢᠤᠢ ᠲᠠᠢ ᠨᠡᠭᠦᠷᠡᠰᠦᠨ ᠤ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠸᠠᠩ ᠢᠦᠢ ᠽᠧ᠄     ︽ᠡᠪᠦᠯ ᠤᠨ ᠤᠯᠠᠷᠢᠯ ᠳᠤ ᠨᠡᠭᠦᠷᠡᠰᠦ ᠰᠢᠯᠵᠢᠭᠦᠯᠦᠨ ᠲᠣᠬᠢᠷᠠᠭᠤᠯᠬᠤ᠂ ᠲᠡᠭᠡᠭᠡᠪᠦᠷᠢᠯᠡᠬᠦ᠂ ᠲᠠᠷᠬᠠᠭᠠᠬᠤ᠂ ᠪᠦᠷᠢᠳᠬᠡᠬᠦ ᠵᠡᠷᠭᠡ ᠶᠠᠪᠤᠴᠠ ᠶᠢ ᠬᠠᠷᠢᠯᠴᠠᠨ ᠵᠣᠯᠭᠠᠭᠤᠯᠤᠨ ᠬᠠᠮᠵᠢᠯᠴᠠᠵᠤ᠂ ᠳᠤᠯᠠᠭᠠᠯᠠᠭ᠎ᠠ ᠶᠢᠨ ᠪᠠᠲᠤᠯᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠪᠠ︾᠃   
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ