ᠡᠵᠡᠨ ᠬᠤᠷᠤᠭ᠎ᠠ ᠬᠤᠰᠢᠭᠤᠨ ᠤ ᠭᠤᠷᠪᠠᠳᠤᠭᠠᠷ ᠬᠡᠦᠬᠡᠳ ᠤᠨ ᠴᠡᠴᠡᠷᠯᠢᠭ ᠤᠳᠠᠯ ᠦᠭᠡᠢ ᠰᠢᠨ᠎ᠡ ᠴᠡᠴᠡᠷᠯᠢᠭ ᠲᠤ ᠨᠡᠭᠦᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2023/10/20
      ᠡᠵᠡᠨ ᠬᠤᠷᠤᠭ᠎ᠠ ᠬᠤᠰᠢᠭᠤᠨ ᠤ ᠭᠤᠷᠪᠠᠳᠤᠭᠠᠷ ᠬᠡᠦᠬᠡᠳ ᠤᠨ ᠴᠡᠴᠡᠷᠯᠢᠭ ᠤᠨ ᠰᠢᠨ᠎ᠡ ᠴᠡᠴᠡᠷᠯᠢᠭ ᠨᠢ ᠠᠯᠳᠠᠨᠰᠢᠷᠡᠭᠡ ᠪᠠᠯᠭᠠᠰᠤ ᠶᠢᠨ ᠪᠠᠷᠠᠭᠤᠨ ᠠᠭᠤᠯᠠᠨ ᠵᠠᠮ ᠠᠴᠠ ᠵᠡᠭᠦᠨᠰᠢ᠂ ᠪᠤᠷᠭᠠᠰᠤᠳᠤ ᠶᠢᠨ ᠭᠤᠤᠯ ᠵᠡᠭᠡᠯᠢ ᠠᠴᠠ ᠡᠮᠦᠨᠡᠰᠢ᠂ ᠴᠠᠩ ᠱᠦᠨ ᠵᠡᠭᠡᠯᠢ ᠠᠴᠠ ᠤᠮᠠᠷᠠᠰᠢ ᠪᠠᠨ ᠪᠠᠶᠢᠳᠠᠭ᠃ ᠶᠡᠷᠦᠩᠬᠡᠢ ᠲᠠᠯᠠᠪᠠᠶ ᠨᠢ 16508 ᠲᠡᠭᠰᠢ ᠳᠥᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠶ ᠨᠢ 6300 ᠲᠡᠭᠰᠢ ᠳᠥᠷᠪᠡᠯᠵᠢᠨ ᠮᠧᠲᠷ᠂ ᠶᠡᠷᠦᠩᠬᠡᠢ ᠪᠡᠯᠡ ᠣᠷᠣᠭᠤᠯᠤᠯᠲᠠ ᠨᠢ 2800 ᠲᠦᠮᠡᠨ ᠲᠥᠭᠦᠷᠢᠭ ᠪᠣᠯᠣᠨ᠎ᠠ᠃
1.jpg
    ᠰᠢᠨ᠎ᠡ ᠴᠡᠴᠡᠷᠯᠢᠭ ᠤᠨ ᠲᠥᠷᠥᠯ ᠵᠦᠢᠯ ᠢ 2022 ᠣᠨ ᠤ 3 ᠰᠠᠷ᠎ᠠ ᠳᠤ ᠡᠬᠢᠯᠡᠨ ᠪᠠᠶᠢᠭᠤᠯᠵᠤ᠂ ᠶᠡᠷᠦᠩᠬᠡᠶᠢᠯᠡᠭᠰᠡᠨ ᠵᠢᠭᠠᠨ ᠰᠤᠷᠭᠠᠯᠲᠠ ᠶᠢᠨ ᠠᠰᠠᠷ ᠵᠢᠴᠢ ᠳᠠᠭᠠᠯᠲᠠ ᠭᠡᠷ ᠪᠠᠶᠢᠰᠢᠩ ᠢ ᠲᠥᠯᠥᠪᠵᠢᠭᠦᠯᠦᠨ ᠲᠥᠯᠥᠪᠯᠡᠵᠦ᠂ ᠶᠡᠷᠦᠩᠬᠡᠶᠢᠯᠡᠭᠰᠡᠨ ᠵᠢᠭᠠᠨ ᠰᠤᠷᠭᠠᠯᠲᠠ ᠶᠢᠨ ᠠᠰᠠᠷ ᠨᠢ ᠣᠯᠠᠨ ᠳᠠᠪᠬᠤᠷᠭᠠᠲᠤ ᠣᠯᠠᠨ ᠨᠡᠶᠢᠲᠡ ᠶᠢᠨ ᠪᠠᠷᠢᠯᠭ᠎ᠠ ᠪᠣᠯᠣᠨ᠎ᠠ᠃ ᠰᠢᠨ᠎ᠡ ᠴᠡᠴᠡᠷᠯᠢᠭ ᠲᠤ ᠵᠢᠭᠠᠨ ᠰᠤᠷᠭᠠᠬᠤ ᠠᠩᠭᠢ᠂ ᠪᠠᠭ᠎ᠠ᠂ ᠳᠤᠮᠳᠠ᠂ ᠶᠡᠭᠡ ᠠᠩᠭᠢ ᠳᠤ ᠨᠡᠶᠢᠲᠡ 13 ᠵᠢᠭᠠᠨ ᠰᠤᠷᠭᠠᠬᠤ ᠠᠩᠭᠢ ᠵᠢᠴᠢ ᠮᠣᠳᠣᠨ ᠦᠢᠯᠡᠳᠬᠡᠯ ᠤᠨ ᠭᠠᠵᠠᠷ᠂ ᠨᠣᠮ ᠪᠢᠴᠢᠭ ᠤᠨ ᠲᠣᠭᠤᠷᠢᠭ᠂ ᠳᠠᠭᠤᠤ ᠬᠥᠭᠵᠢᠮ ᠤᠨ ᠬᠢᠴᠢᠶᠡᠯ ᠤᠨ ᠭᠡᠷ᠂ ᠤᠷᠠᠨ ᠰᠠᠶᠢᠬᠠᠨ ᠤ ᠠᠵᠢᠯ ᠤᠨ ᠲᠠᠰᠤᠭ᠂ ᠣᠯᠠᠨ ᠵᠠᠭᠤᠴᠢᠲᠤ ᠶᠡᠭᠡ ᠲᠢᠩᠬᠢᠮ ᠵᠡᠷᠭᠡ ᠴᠢᠳᠠᠮᠵᠢᠲᠤ ᠲᠠᠰᠤᠭ ᠢ ᠲᠦᠯᠦᠪᠵᠢᠬᠦᠯᠪᠡ᠃
2.jpg
    ᠤᠳᠤᠬᠠᠨ ᠪᠣᠯᠲᠠᠯ᠎ᠠ᠂ ᠭᠡᠷ ᠤᠨ ᠭᠠᠳᠠᠨᠠᠬᠢ ᠭᠠᠵᠠᠷ ᠤᠨ ᠭᠠᠳᠠᠷᠭᠤ ᠶᠢ ᠬᠠᠲᠠᠭᠤᠷᠠᠭᠤᠯᠬᠤ᠂ ᠭᠠᠳᠠᠷ ᠬᠦᠷᠢᠶᠡᠨ ᠤ ᠪᠦᠲᠦᠭᠡᠨ ᠪᠠᠶᠢᠭᠤᠯᠤᠯᠲᠠ ᠵᠢᠴᠢ ᠲᠣᠭᠯᠠᠭᠠᠮ ᠤᠨ ᠲᠠᠯᠠᠪᠤᠷ ᠤᠨ ᠦᠵᠡᠮᠵᠢ ᠪᠦᠲᠦᠭᠡᠬᠦ ᠢᠨᠵᠧᠨᠧᠷᠢᠩ ᠢ ᠲᠡᠭᠦᠯᠳᠡᠷᠵᠢᠭᠦᠯᠵᠦ ᠪᠠᠶᠢᠬᠤ ᠪᠥᠭᠡᠳ 2023 ᠣᠨ ᠤ 10 ᠰᠠᠷ᠎ᠠ ᠶᠢᠨ ᠰᠡᠭᠦᠯᠴᠢ ᠪᠠᠷ ᠪᠥᠬᠦ ᠲᠠᠯ᠎ᠠ ᠪᠠᠷ ᠳᠠᠭᠤᠰᠬᠠᠬᠤ ᠪᠠᠷ ᠲᠥᠯᠥᠪᠯᠡᠵᠦ ᠪᠠᠶᠢᠨ᠎ᠠ᠃
6.jpg
9.jpg
8.jpg
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ