︽ᠡᠵᠡᠨ ᠬᠤᠷᠤᠭ᠎ᠠ ᠬᠤᠰᠢᠭᠤᠨ ᠤ ︿ᠠᠷᠪᠠᠨ ᠳᠥᠷᠪᠡᠳᠦᠭᠡᠷ ᠲᠠᠪᠤᠨ ᠵᠢᠯ﹀᠎ ᠤᠨ ᠬᠤᠭᠤᠴᠠᠭᠠᠨ ᠳᠠᠬᠢ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠬᠥᠭᠵᠢᠯᠲᠡ ᠶᠢ ᠲᠦᠯᠬᠢᠨ ᠠᠬᠢᠭᠤᠯᠬᠤ ᠲᠥᠯᠦᠪᠵᠢᠭᠦᠯᠭᠡ︾᠎ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/10/25
      ︽ᠡᠵᠡᠨ ᠬᠤᠷᠤᠭ᠎ᠠ ᠬᠤᠰᠢᠭᠤᠨ ᠤ ︿ᠠᠷᠪᠠᠨ ᠳᠥᠷᠪᠡᠳᠦᠭᠡᠷ ᠲᠠᠪᠤᠨ ᠵᠢᠯ﹀᠎ ᠤᠨ ᠬᠤᠭᠤᠴᠠᠭᠠᠨ ᠳᠠᠬᠢ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠬᠥᠭᠵᠢᠯᠲᠡ ᠶᠢ ᠲᠦᠯᠬᠢᠨ ᠠᠬᠢᠭᠤᠯᠬᠤ ᠲᠥᠯᠦᠪᠵᠢᠭᠦᠯᠭᠡ︾ ︵ᠡᠵᠡᠨ ᠵᠠᠰᠠᠭ ᠲᠠᠷᠬᠠᠭᠠᠭᠰᠠᠨ ﹇2023﹈ 88 ᠳ᠋ᠤᠭᠠᠷ ᠲᠣᠭᠠᠲᠤ︶᠎ ᠶᠢ 2023 ᠣᠨ ᠤ 10 ᠳ᠋ᠤᠭᠠᠷ ᠰᠠᠷ᠎ᠠ ᠶᠢᠨ 16᠎ ᠤ ᠡᠳᠦᠷ ᠵᠢᠩᠬᠢᠨᠢ ᠪᠠᠷ ᠳᠠᠷᠤᠮᠠᠯᠯᠠᠨ ᠲᠠᠷᠬᠠᠭᠠᠪᠠ᠃ ᠡᠳᠦᠭᠡ ︽ᠡᠵᠡᠨ ᠬᠤᠷᠤᠭ᠎ᠠ ᠬᠤᠰᠢᠭᠤᠨ ᠤ ︿ᠠᠷᠪᠠᠨ ᠳᠥᠷᠪᠡᠳᠦᠭᠡᠷ ᠲᠠᠪᠤᠨ ᠵᠢᠯ﹀᠎ ᠤᠨ ᠬᠤᠭᠤᠴᠠᠭᠠᠨ ᠤ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠬᠥᠭᠵᠢᠯᠲᠡ ᠶᠢ ᠲᠦᠯᠬᠢᠨ ᠠᠬᠢᠭᠤᠯᠬᠤ ᠲᠥᠯᠦᠪᠵᠢᠭᠦᠯᠭᠡ︾᠎ ᠶᠢᠨ ᠬᠠᠮᠢᠶ᠎ᠠ ᠪᠦᠬᠦᠢ ᠠᠭᠤᠯᠭ᠎ᠠ ᠶᠢᠨ ᠲᠤᠬᠠᠢ ᠳᠣᠣᠷᠠᠬᠢ ᠮᠡᠲᠦ ᠲᠠᠶᠢᠯᠤᠮᠵᠢ ᠬᠢᠶ᠎ᠠ᠄       ᠨᠢᠭᠡ᠂ ᠲᠣᠭᠲᠠᠭᠠᠭᠰᠠᠨ ᠠᠬᠤᠢ ᠪᠠᠶᠢᠳᠠᠯ ᠵᠢᠴᠢ ᠵᠣᠷᠢᠯᠭ᠎ᠠ       ᠮᠠᠨ ᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠪᠦᠬᠦ ᠲᠠᠯ᠎ᠠ ᠪᠠᠷ ᠳᠡᠰ ᠲᠡᠪᠰᠢᠬᠦᠯᠬᠦ ᠶᠢ ᠪᠦᠳᠦᠮᠵᠢᠳᠠᠢ ᠠᠬᠢᠭᠤᠯᠤᠨ᠂ ᠲᠦᠯᠦᠪᠵᠢᠬᠦᠯᠦᠨ ᠬᠥᠲᠥᠯᠥᠨ ᠳᠠᠭᠠᠭᠤᠯᠬᠤ ᠦᠢᠯᠡᠳᠦᠯ ᠢ ᠴᠢᠩᠭᠠᠳᠬᠠᠵᠤ᠂ ᠠᠵᠢᠯ ᠤᠨ ᠭᠤᠣᠯᠳᠠᠯᠭ᠎ᠠ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠠᠬᠢᠭᠤᠯᠬᠤ ᠲᠣᠭᠲᠠᠴᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠳᠠᠬᠢ ᠮᠠᠨ ᠤ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠰᠡᠳᠬᠢᠮᠵᠢ ᠶᠢ ᠲᠣᠳᠣᠷᠬᠠᠢ ᠪᠣᠯᠭᠠᠵᠤ᠂ ᠬᠠᠷᠠᠯᠲᠠ ᠴᠢᠭᠯᠡᠯ ᠢ ᠲᠣᠭᠲᠠᠭᠠᠨ᠂ ᠴᠢᠬᠤᠯᠠ ᠶᠡᠭᠡ ᠲᠥᠷᠥᠯ ᠵᠦᠢᠯ ᠢ ᠪᠠᠶᠢᠷᠢᠰᠢᠭᠤᠯᠬᠤ ᠳᠤ ᠠᠷᠭᠠᠴᠠᠬᠤ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠬᠤ ᠶᠢᠨ ᠲᠦᠯᠦᠬᠡ᠂ ᠳᠡᠭᠡᠳᠦ ᠱᠠᠲᠤᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ︽ᠡᠵᠡᠨ ᠬᠤᠷᠤᠭ᠎ᠠ ᠬᠤᠰᠢᠭᠤᠨ ᠤ ︿ᠠᠷᠪᠠᠨ ᠳᠥᠷᠪᠡᠳᠦᠭᠡᠷ ᠲᠠᠪᠤᠨ ᠵᠢᠯ﹀᠎ ᠤᠨ ᠬᠤᠭᠤᠴᠠᠭᠠᠨ ᠳᠠᠬᠢ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠬᠥᠭᠵᠢᠯᠲᠡ ᠶᠢ ᠠᠬᠢᠭᠤᠯᠬᠤ ᠲᠥᠯᠦᠪᠵᠢᠭᠦᠯᠭᠡ︾᠎ ᠶᠢ ᠲᠤᠰᠬᠠᠶᠢᠯᠠᠨ ᠨᠠᠶᠢᠷᠠᠭᠤᠯᠪᠠ᠃       ᠬᠤᠶᠠᠷ᠂ ᠲᠤᠭᠳᠠᠭᠠᠭᠰᠠᠨ ᠦᠨᠳᠦᠰᠦᠯᠡᠯ       ᠭᠤᠣᠯᠳᠠᠭᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀᠎ ᠤᠨ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠬᠥᠭᠵᠢᠯᠲᠡ ᠶᠢ ᠲᠦᠯᠬᠢᠨ ᠠᠬᠢᠭᠤᠯᠬᠤ ᠲᠥᠯᠦᠪᠵᠢᠭᠦᠯᠭᠡ︾ ︽ᠣᠷᠳᠣᠰ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀᠎ ᠤᠨ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠲᠥᠯᠦᠪᠵᠢᠭᠦᠯᠭᠡ︾᠎ ᠶᠢ ᠦᠨᠳᠦᠰᠦᠯᠡᠵᠦ᠂ ᠮᠠᠨ ᠤ ᠬᠤᠰᠢᠭᠤᠨ ᠤ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ ᠲᠤᠭᠳᠠᠭᠠᠪᠠ᠃       ᠭᠤᠷᠪᠠ᠂ ᠭᠤᠣᠯ ᠠᠭᠤᠯᠭ᠎ᠠ       ︽ᠡᠵᠡᠨ ᠬᠤᠷᠤᠭ᠎ᠠ ᠬᠤᠰᠢᠭᠤᠨ ᠤ ︿ᠠᠷᠪᠠᠨ ᠳᠥᠷᠪᠡᠳᠦᠭᠡᠷ ᠲᠠᠪᠤᠨ ᠵᠢᠯ﹀᠎ ᠤᠨ ᠬᠤᠭᠤᠴᠠᠭᠠᠨ ᠳᠠᠬᠢ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠬᠥᠭᠵᠢᠯᠲᠡ ᠶᠢ ᠲᠦᠯᠬᠢᠨ ᠠᠬᠢᠭᠤᠯᠬᠤ ᠲᠥᠯᠦᠪᠵᠢᠭᠦᠯᠭᠡ︾᠎ ᠳᠤ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠰᠢᠨ᠎ᠡ ᠬᠠᠭᠤᠳᠠᠰᠤ᠂ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠬᠦ᠂ ᠨᠤᠳᠤᠭ ᠤᠨ ᠰᠤᠷᠳᠠᠯ ᠤᠨ ᠪᠣᠯᠪᠠᠰᠤᠨ ᠬᠢᠭᠡᠳ ᠬᠥᠳᠡᠭᠡ ᠲᠣᠰᠬᠤᠨ ᠤ ᠵᠠᠰᠠᠯᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ᠂ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠲᠦᠷᠭᠡᠳᠬᠡᠬᠦ᠂ ᠳᠦᠷᠢᠮ ᠤᠨ ᠪᠣᠷᠣ ᠲᠥᠯᠥᠪ ᠪᠠ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠴᠢᠩᠭᠠᠷᠠᠭᠤᠯᠬᠤ᠂ ᠲᠥᠯᠦᠪᠵᠢᠭᠦᠯᠭᠡ ᠶᠢ ᠬᠡᠷᠡᠭᠵᠢᠭᠦᠯᠬᠦ ᠵᠡᠷᠭᠡ ᠠᠭᠤᠯᠭ᠎ᠠ ᠪᠠᠭᠲᠠᠨ᠎ᠠ᠃     ᠨᠢᠭᠡᠳᠦᠭᠡᠷ ᠪᠦᠯᠦᠭ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠨᠡᠭᠡᠭᠡᠬᠦ ᠳᠤ ᠬᠥᠭᠵᠢᠯᠲᠡ ᠶᠢᠨ ᠣᠷᠴᠢᠨ ᠲᠣᠭᠤᠷᠢᠨ᠂ ᠲᠤᠯᠭᠠᠷᠠᠵᠤ ᠪᠠᠶᠢᠭ᠎ᠠ ᠪᠠᠶᠢᠳᠠᠯ᠂ ᠶᠡᠷᠦᠩᠬᠡᠢ ᠱᠠᠭᠠᠷᠳᠠᠯᠭ᠎ᠠ᠂ ᠬᠥᠭᠵᠢᠯᠲᠡ ᠶᠢᠨ ᠬᠠᠷᠠᠯᠲᠠ ᠵᠡᠷᠭᠡ ᠲᠠᠯ᠎ᠠ ᠠᠴᠠ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠦᠪᠵᠢᠭᠦᠯᠭᠡ ᠶᠢᠨ ᠬᠤᠭᠤᠴᠠᠭᠠᠨ ᠤ ᠠᠵᠢᠯ ᠢ ᠲᠣᠳᠣᠷᠬᠠᠶᠢᠯᠠᠨ ᠳ᠋ᠦᠩᠨᠡᠵᠦ᠂ ᠣᠳᠣᠬᠠᠨ ᠤ ᠪᠠᠶᠢᠳᠠᠯ ᠢ ᠵᠠᠳᠠᠯᠬᠤ ᠪᠠ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠳᠠᠬᠢ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠵᠢᠯᠤᠭᠤᠳᠬᠤ ᠦᠵᠡᠯ ᠰᠠᠨᠠᠭ᠎ᠠ᠂ ᠬᠥᠭᠵᠢᠯᠲᠡ ᠶᠢᠨ ᠬᠠᠷᠠᠯᠲᠠ ᠶᠢ ᠲᠣᠳᠣᠷᠬᠠᠶᠢᠯᠠᠪᠠ᠃    ᠬᠤᠶᠠᠳᠤᠭᠠᠷ ᠪᠦᠯᠦᠭ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ ᠭᠤᠣᠯᠳᠠᠭᠤ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠪᠠᠶᠢᠷᠢᠯᠠᠭᠤᠯᠤᠯᠳᠠ ᠶᠢ ᠰᠢᠯᠢᠳᠡᠭᠵᠢᠭᠦᠯᠬᠦ᠂ ᠳᠠᠷᠢᠵᠤ ᠲᠡᠵᠢᠭᠡᠬᠦ ᠦᠢᠯᠡᠰ ᠤᠨ ᠶᠠᠰᠤ ᠴᠢᠨᠠᠷ ᠪᠠ ᠦᠷ᠎ᠡ ᠠᠰᠢᠭ ᠢ ᠲᠣᠭᠲᠠᠭᠤᠨ ᠢᠶᠠᠷ ᠳᠡᠭᠡᠭᠰᠢᠯᠡᠭᠦᠯᠬᠦ᠂ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠶᠢ ᠶᠡᠬᠡᠪᠡᠷ ᠬᠥᠭᠵᠢᠭᠦᠯᠬᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠦᠢᠯᠭᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠥᠷᠨᠢᠭᠦᠯᠦᠨ᠎ᠡ᠃     ᠭᠤᠷᠪᠠᠳᠤᠭᠠᠷ ᠪᠦᠯᠦᠭ ᠲᠠᠷᠢᠶᠠᠯᠠᠩ ᠮᠠᠯ ᠠᠵᠤ ᠠᠬᠤᠢ ᠶᠢᠨ ᠶᠠᠰᠤ ᠴᠢᠨᠠᠷ ᠢ ᠠᠬᠢᠭᠤᠯᠤᠨ᠎ᠠ᠃ ᠨᠢᠭᠡ ᠳᠤ ᠲᠠᠷᠢᠶᠠᠯᠠᠩ ᠮᠠᠯ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠬᠥᠭᠵᠢᠭᠦᠯᠵᠦ᠂ ᠳᠠᠪᠠᠭᠤᠯᠢᠭ ᠠᠵᠤ ᠦᠢᠯᠡᠰ ᠤᠨ ᠴᠤᠭᠯᠠᠷᠠᠯ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ᠂ ᠣᠨᠴᠠᠯᠢᠭᠲᠤ ᠠᠵᠤ ᠦᠢᠯᠡᠰ ᠤᠨ ᠬᠦᠴᠦᠷᠬᠡᠭ ᠪᠠᠯᠭᠠᠰᠤ᠂ ︽ᠨᠢᠭᠡ ᠲᠣᠰᠬᠤᠨ ᠨᠢᠭᠡ ᠦᠢᠯᠡᠳᠬᠦᠨ︾᠎ ᠤ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ᠂ ᠲᠠᠷᠢᠶᠠᠯᠠᠩ ᠪᠠ ᠵᠢᠭᠤᠯᠴᠢᠯᠠᠯ ᠢ ᠠᠭᠤᠰᠤᠯᠴᠠᠭᠤᠯᠬᠤ ᠠᠵᠤ ᠦᠢᠯᠡᠰ ᠢ ᠪᠣᠶ ᠪᠣᠯᠭᠠᠨ᠎ᠠ᠃ ᠬᠤᠶᠠᠷ ᠲᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠰᠢᠰᠲ᠋ᠧᠮᠵᠢ ᠶᠢ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠨᠥᠬᠦᠴᠡᠯ ᠢ ᠰᠠᠶᠢᠵᠢᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠷᠭ᠎ᠠ ᠪᠠᠷᠢᠯ ᠢ ᠳᠡᠭᠡᠭᠰᠢᠯᠡᠭᠦᠯᠦᠨ᠂ ᠲᠠᠷᠢᠶᠠᠯᠠᠩ ᠮᠠᠯ ᠠᠵᠤ ᠠᠬᠤᠢ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠨᠡᠷ᠎ᠡ ᠲᠡᠮᠳᠡᠭ ᠢᠶᠠᠷ ᠲᠠᠷᠢᠶᠠᠯᠠᠩ ᠢᠶᠠᠨ ᠴᠢᠩᠭᠠᠳᠬᠠᠬᠤ ᠶᠢ ᠠᠬᠢᠭᠤᠯᠤᠨ᠎ᠠ᠃ ᠭᠤᠷᠪᠠ ᠳᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠲᠤᠭᠳᠠᠯᠭ᠎ᠠ ᠶᠢ ᠪᠠᠶᠢᠭᠤᠯᠤᠨ᠎ᠠ᠃ ᠰᠢᠨ᠎ᠡ ᠮᠠᠶ᠋ᠢᠭ ᠤᠨ ᠡᠵᠡᠩᠨᠡᠯᠲᠡ ᠶᠢᠨ ᠪᠡᠶᠡᠴᠢ ᠴᠣᠭᠴᠠ ᠶᠢ ᠪᠣᠶᠢᠵᠢᠭᠤᠯᠵᠤ᠂ ᠰᠢᠨ᠎ᠡ ᠮᠠᠶ᠋ᠢᠭ ᠤᠨ ᠦᠢᠯᠡᠴᠢᠯᠡᠭᠡᠨ ᠤ ᠪᠡᠶᠡᠴᠢ ᠴᠣᠭᠴᠠ ᠶᠢ ᠪᠣᠶᠢᠵᠢᠭᠤᠯᠵᠤ᠂ ᠰᠢᠨ᠎ᠡ ᠮᠠᠶ᠋ᠢᠭ ᠤᠨ ᠬᠥᠳᠡᠭᠡ ᠲᠣᠰᠬᠤᠨ ᠤ ᠬᠠᠮᠳᠤ ᠎ ᠶᠢᠨ ᠠᠵᠤ ᠠᠬᠤᠢ ᠶᠢ ᠬᠦᠭᠵᠢᠬᠦᠯᠦᠨ᠎ᠡ᠃     ᠳᠥᠷᠪᠡᠳᠦᠭᠡᠷ ᠪᠦᠯᠦᠭ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠦᠨ᠎ᠡ᠃ ᠬᠤᠳᠠ ᠬᠥᠳᠡᠭᠡ ᠶᠢᠨ ᠣᠷᠣᠨ ᠵᠠᠢ ᠶᠢᠨ ᠪᠠᠶᠢᠷᠢᠰᠢᠯ ᠢ ᠰᠢᠯᠢᠳᠡᠭᠵᠢᠭᠦᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠴᠣᠭᠴᠠᠯᠠᠨ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠤ᠂ ᠬᠤᠳᠠ ᠬᠥᠳᠡᠭᠡ ᠶᠢᠨ ᠤᠯᠠᠨ ᠨᠡᠶᠢᠲᠡ ᠶᠢᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠲᠦᠯᠬᠢᠨ ᠠᠬᠢᠭᠤᠯᠬᠤ ᠵᠡᠷᠭᠡ ᠲᠠᠯ᠎ᠠ ᠪᠠᠷ ᠪᠦᠲᠦᠭᠡᠨ ᠪᠠᠶᠢᠭᠤᠯᠤᠯᠲᠠ ᠶᠢ ᠥᠷᠨᠢᠭᠦᠯᠦᠨ᠎ᠡ᠃     ᠲᠠᠪᠤᠳᠤᠭᠠᠷ ᠪᠦᠯᠦᠭ ᠨᠤᠳᠤᠭ ᠤᠨ ᠰᠤᠷᠳᠠᠯ ᠤᠨ ᠪᠣᠯᠪᠠᠰᠤᠨ ᠬᠢᠭᠡᠳ ᠬᠥᠳᠡᠭᠡ ᠲᠣᠰᠬᠤᠨ ᠤ ᠵᠠᠰᠠᠯᠲᠠ ᠶᠢᠨ ᠪᠠᠶᠢᠭᠤᠯᠤᠯᠲᠠ ᠶᠢ ᠴᠢᠩᠭᠠᠳᠬᠠᠬᠤ ᠳᠤ ᠭᠤᠣᠯᠳᠠᠭᠤ ᠨᠤᠳᠤᠭ ᠤᠨ ᠰᠤᠷᠲᠠᠯ ᠤᠨ ᠪᠣᠯᠪᠠᠰᠤᠨ ᠬᠥᠮᠥᠨ ᠨᠡᠶᠢᠭᠡᠮ ᠤᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠪᠠ ᠪᠦᠲᠦᠮᠵᠢᠲᠡᠶ ᠪᠥᠭᠡᠳ ᠴᠢᠳᠠᠮᠠᠭᠠᠢ ᠵᠠᠰᠠᠬᠤ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃      ᠵᠢᠷᠭᠤᠳᠤᠭᠠᠷ ᠪᠦᠯᠦᠭ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠲᠦᠷᠭᠡᠳᠬᠡᠬᠦ ᠳᠤ ᠭᠤᠣᠯᠳᠠᠭᠤ ᠭᠠᠵᠠᠷ ᠰᠢᠷᠣᠢ ᠶᠢᠨ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠮᠥᠩᠭᠦᠨ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠲᠦᠷᠭᠡᠳᠬᠡᠵᠦ᠂ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠲᠦᠷᠭᠡᠳᠬᠡᠨ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠠᠪᠴᠠᠯᠳᠣᠭᠤᠯᠣᠨ᠎ᠠ᠃      ᠳᠣᠯᠣᠳᠤᠭᠠᠷ ᠪᠦᠯᠦᠭ ᠳᠦᠷᠢᠮ ᠤᠨ ᠪᠣᠷᠣ ᠲᠥᠯᠥᠪ ᠪᠠ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠴᠢᠩᠭᠠᠳᠬᠠᠨ᠎ᠠ᠃ ᠲᠠᠷᠢᠶᠠᠯᠠᠩ ᠮᠠᠯ ᠠᠵᠤ ᠠᠬᠤᠢ ᠶᠢ ᠲᠡᠳᠬᠦᠨ ᠬᠠᠮᠠᠭᠠᠯᠠᠬᠤ ᠳᠦᠷᠢᠮ ᠢ ᠲᠡᠭᠦᠯᠳᠡᠷᠵᠢᠭᠦᠯᠵᠦ᠂ ᠣᠯᠠᠨ ᠡᠰᠢᠲᠦ ᠣᠷᠣᠭᠤᠯᠤᠯᠲᠠ ᠶᠢᠨ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠦᠨ᠂ ᠮᠥᠩᠭᠦᠨ ᠭᠦᠢᠯᠭᠡᠭᠡᠨ ᠢᠶᠠᠷ ᠲᠠᠷᠢᠶᠠᠯᠠᠩ ᠮᠠᠯ ᠠᠵᠤ ᠠᠬᠤᠢ ᠶᠢ ᠳᠡᠮᠵᠢᠬᠦ ᠡᠷᠴᠢᠮ ᠢ ᠴᠢᠩᠭᠠᠷᠠᠭᠤᠯᠤᠨ᠎ᠠ᠃     ᠨᠠᠢᠮᠠᠳᠤᠭᠠᠷ ᠪᠦᠯᠦᠭ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠳᠠ ᠶᠢᠨ ᠬᠥᠭᠵᠢᠯᠲᠡ ᠶᠢ ᠡᠮᠬᠢ ᠵᠢᠷᠤᠮ ᠲᠠᠢ ᠪᠡᠶᠡᠯᠡᠭᠦᠯᠬᠦ᠂ ᠬᠠᠤᠯᠢ ᠪᠠᠷ ᠵᠠᠰᠠᠬᠤ ᠪᠠᠲᠤᠯᠠᠭ᠎ᠠ ᠶᠢ ᠴᠢᠩᠭᠠᠷᠠᠭᠤᠯᠬᠤ᠂ ᠬᠢᠨᠠᠨ ᠰᠢᠯᠭᠠᠷᠠᠭᠤᠯᠵᠤ ᠦᠨᠡᠯᠡᠬᠦ ᠶᠢ ᠴᠢᠩᠭᠠᠳᠬᠠᠬᠤ ᠵᠡᠷᠭᠡ ᠲᠠᠯ᠎ᠠ ᠪᠠᠷ ᠲᠥᠯᠦᠪᠵᠢᠭᠦᠯᠭᠡ ᠶᠢᠨ ᠬᠡᠷᠡᠭᠵᠢᠭᠦᠯᠦᠯᠲᠡ ᠶᠢ ᠪᠠᠲᠤᠯᠠᠨ᠎ᠠ᠃ 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ