ᠨᠠᠮᠤᠷ ᠤᠨ ᠤᠯᠠᠷᠢᠯ ᠳᠤ ᠡᠳᠡᠬᠡᠷ ᠡᠪᠡᠳᠴᠢᠨ ᠠᠴᠠ ᠰᠡᠷᠬᠡᠶᠢᠯᠡᠬᠦ ᠴᠢᠬᠤᠯᠠᠳᠠᠢ
ᠨᠡᠶᠢᠲᠡᠯᠡᠭᠰᠡᠨ ᠴᠠᠭ᠄
2023/10/28
      ᠨᠠᠮᠤᠷ ᠤᠨ ᠤᠯᠠᠷᠢᠯ ᠳᠤ ᠠᠭᠠᠷ ᠤᠨ ᠲᠤᠯᠠᠭᠠᠨ ᠲᠤᠷᠤᠭᠰᠢᠯᠠᠬᠤ ᠶᠢ ᠲᠠᠭᠠᠯᠳᠤᠨ᠂ ᠡᠪᠡᠳᠴᠢᠨ ᠡᠬᠦᠰᠬᠦ ᠲᠤᠬᠢᠶᠠᠯᠳᠤᠮᠵᠢ ᠨᠡᠮᠡᠭᠳᠡᠳᠡᠭ᠃ ᠡᠬᠦᠨ ᠳᠤ ᠰᠡᠷᠬᠡᠶᠢᠯᠡᠬᠦ ᠠᠵᠢᠯ ᠢᠶᠠᠨ ᠰᠠᠶᠢᠳᠤᠷ ᠬᠢᠬᠦ ᠴᠢᠬᠤᠯᠠᠳᠠᠢ᠃ 1᠂ ᠰᠢᠯᠦᠬᠡᠢ ᠡᠪᠡᠳᠴᠢᠨ ᠰᠢᠯᠦᠬᠡᠢ ᠡᠪᠡᠳᠴᠢᠨ ᠪᠤᠯ ᠵᠤᠨ ᠨᠠᠮᠤᠷ ᠤᠨ ᠤᠯᠠᠷᠢᠯ ᠳᠤ ᠦᠷᠬᠦᠯᠵᠢ ᠲᠤᠬᠢᠶᠠᠯᠳᠤᠳᠠᠭ ᠬᠠᠯᠳᠠᠪᠤᠷᠢᠳᠦ ᠡᠪᠡᠳᠴᠢᠨ ᠪᠠᠶᠢᠵᠤ᠂ ᠪᠠᠳᠠᠭᠠᠨ᠎ᠠ ᠪᠤᠯ ᠲᠡᠬᠦᠨ ᠤ ᠲᠠᠷᠬᠠᠭᠠᠭᠴᠢ ᠮᠦᠨ᠃ ᠰᠢᠯᠦᠬᠡᠢ ᠡᠪᠡᠳᠴᠢᠨ ᠨᠢ ᠲᠠᠭᠠᠷᠠᠬᠤ᠂ ᠴᠡᠴᠡᠷᠡᠬᠦ᠂ ᠬᠠᠯᠠᠭᠤᠷᠠᠬᠤ ᠵᠡᠷᠬᠡ ᠢᠯᠡᠷᠡᠯ ᠲᠠᠢ ᠪᠠᠶᠢᠵᠤ᠂ ᠵᠠᠷᠢᠮ ᠦᠶ᠎ᠡ ᠳᠤ ᠪᠡᠶ᠎ᠡ ᠶᠢᠨ ᠬᠠᠯᠠᠭᠤᠨ ᠨᠢ ᠬᠠᠮᠤᠭ ᠤᠨ ᠦᠨᠳᠦᠷ ᠲᠡᠭᠡᠨ 40 ᠭᠷᠡᠳᠦ᠋ᠰ ᠲᠤ ᠬᠦᠷᠴᠦ᠂ ᠲᠤᠯᠤᠭᠠᠢ ᠡᠷᠬᠢᠵᠦ ᠲᠠᠮᠢᠷᠳᠠᠬᠤ᠂ ᠶᠠᠳᠠᠷᠠᠬᠤ᠂ ᠢᠳᠡᠬᠡᠨ ᠤ ᠲᠤᠷᠠᠰᠢᠯ ᠮᠠᠭᠤᠳᠠᠬᠤ ᠵᠡᠷᠬᠡ ᠪᠠᠶᠢᠳᠠᠯ ᠢᠯᠡᠷᠡᠨ᠎ᠠ᠃ ᠡᠪᠡᠳᠴᠢᠨ ᠨᠢ ᠬᠦᠨᠳᠦ ᠦᠶ᠎ᠡ ᠳᠤ ᠮᠠᠨᠠᠷᠠᠬᠤ ᠪᠤᠶᠤ ᠴᠢᠨᠠᠭᠰᠢᠯᠠᠪᠠᠯ ᠠᠮᠢ ᠨᠠᠰᠤᠨ ᠤ ᠠᠶᠤᠯ ᠲᠠᠢ ᠪᠠᠶᠢᠳᠠᠭ᠃ 2᠂ ᠰᠠᠯᠪᠤᠷᠢ ᠮᠦᠬᠡᠷᠰᠦᠨ ᠬᠤᠭᠤᠯᠠᠢ ᠶᠢᠨ ᠬᠢᠷᠬᠢᠷ᠎ᠠ ᠬᠢᠷᠬᠢᠷ᠎ᠠ ᠪᠤᠯ ᠬᠠᠷᠰᠢᠮᠠᠳᠠᠭᠠᠢ ᠴᠢᠨᠠᠷᠳᠠᠢ ᠡᠪᠡᠳᠴᠢᠨ ᠮᠦᠨ᠂ ᠵᠢᠯ ᠪᠦᠷᠢ ᠶᠢᠨ ᠵᠤᠨ ᠤ ᠰᠡᠬᠦᠯᠴᠢ ᠨᠠᠮᠤᠷ ᠤᠨ ᠡᠬᠢ ᠪᠠᠷ ᠡᠪᠡᠳᠴᠢᠨ ᠬᠦᠳᠡᠯᠵᠦ᠂ ᠨᠠᠮᠤᠷ ᠤᠨ ᠲᠤᠮᠳᠠ ᠦᠶ᠎ᠡ ᠪᠠᠷ ᠬᠦᠨᠳᠦᠷᠡᠵᠦ᠂ ᠬᠠᠬᠢᠷ ᠡᠪᠦᠯ ᠤᠨ ᠬᠦᠬᠡᠬᠡ ᠰᠠᠷ᠎ᠠ ᠪᠤᠯᠬᠤ ᠳᠤ ᠨᠠᠮᠳᠠᠳᠠᠭ᠃ ᠬᠢᠷᠬᠢᠷ᠎ᠡ ᠬᠦᠳᠡᠯᠬᠦ ᠠᠴᠠ ᠡᠮᠦᠨ᠎ᠡ ᠦᠷᠬᠦᠯᠵᠢ ᠤᠷᠢᠳᠴᠢᠯᠠᠭᠰᠠᠨ ᠰᠢᠨᠵᠢ ᠲᠡᠮᠳᠡᠭ ᠢᠯᠡᠷᠡᠨ᠎ᠠ᠂ ᠵᠢᠱᠢᠶᠡᠯᠡᠪᠡᠯ᠂ ᠬᠠᠨᠢᠶᠠᠬᠤ ᠂ ᠴᠡᠬᠡᠵᠢ ᠪᠢᠳᠡᠬᠦᠷᠡᠬᠦ᠂ ᠦᠷᠬᠦᠯᠵᠢᠯᠡᠨ ᠨᠠᠶᠢᠳᠠᠭᠠᠬᠤ ᠵᠡᠷᠬᠡ ᠪᠠᠶᠢᠵᠤ᠂ ᠬᠡᠷᠪᠡ ᠴᠠᠭ ᠲᠤᠨᠢ ᠡᠮᠨᠡᠨ ᠵᠠᠰᠠᠭᠤᠯᠬᠤ ᠦᠬᠡᠢ ᠪᠤᠯ ᠠᠮᠢᠰᠬᠤᠭᠠᠳᠠᠬᠤ ᠪᠠᠶᠢᠳᠠᠯ ᠢᠯᠡᠷᠡᠨ᠎ᠡ᠃ 3᠂ ᠤᠳᠠᠭᠠᠨ ᠴᠢᠨᠠᠷᠳᠠᠢ ᠬᠤᠭᠤᠯᠠᠢ ᠶᠢᠨ ᠦᠷᠪᠢᠰᠦᠯ ᠨᠠᠮᠤᠷ ᠤᠨ ᠤᠯᠠᠷᠢᠯ ᠳᠤ ᠠᠭᠤᠷ ᠠᠮᠢᠰᠬᠤᠯ ᠭᠠᠨᠭ᠌ ᠬᠠᠭᠤᠷᠠᠢ᠂ ᠲᠤᠨᠳᠠᠰᠤ ᠴᠦᠬᠡᠨ ᠪᠠᠶᠢᠳᠠᠭ᠃ ᠲᠦᠷᠬᠡᠨ ᠴᠢᠨᠠᠷᠳᠠᠢ ᠬᠤᠭᠤᠯᠠᠢ ᠶᠢᠨ ᠦᠷᠪᠢᠰᠦᠯ ᠢ ᠲᠦᠢᠯᠪᠤᠷᠢᠳᠠᠢ ᠵᠠᠰᠠᠵᠤ ᠲᠡᠶᠢᠯᠬᠦ ᠦᠬᠡᠢ ᠪᠤᠯ ᠤᠳᠠᠭᠠᠨ ᠴᠢᠨᠠᠷᠳᠠᠢ ᠬᠤᠭᠤᠯᠠᠢ ᠶᠢᠨ ᠦᠷᠪᠢᠰᠦᠯ ᠪᠤᠯᠳᠠᠭ᠃ ᠤᠳᠠᠭᠠᠨ ᠴᠢᠨᠠᠷᠳᠠᠢ ᠬᠤᠭᠤᠯᠠᠢ ᠶᠢᠨ ᠦᠷᠪᠢᠰᠦᠯ ᠢ ᠰᠡᠷᠬᠡᠶᠢᠯᠡᠬᠦ ᠳᠤ ᠬᠡᠢ ᠲᠡᠩᠭᠡᠷᠡᠬᠦᠯᠵᠦ ᠬᠠᠯᠠᠭᠤᠨ ᠢ ᠠᠷᠢᠯᠭᠠᠨ᠂ ᠬᠤᠭᠤᠯᠠᠢ ᠪᠠᠨ ᠴᠡᠪᠡᠷᠯᠡᠵᠦ᠂ ᠢᠳᠡᠭᠡᠨ ᠤᠮᠳᠠᠭᠠᠨ ᠤ ᠲᠠᠯ᠎ᠠ ᠪᠠᠷ ᠦᠷᠬᠦᠯᠵᠢ ᠨᠤᠭᠤᠭᠠᠨ ᠪᠤᠷᠴᠠᠭ ᠤᠨ ᠤᠮᠳᠠᠭᠠᠨ ᠪᠤᠶᠤ ᠴᠠᠰᠤᠨ ᠠᠯᠢᠮ᠎ᠠ ᠶᠢᠨ ᠡᠬᠡᠳᠡᠩ ᠢᠳᠡᠪᠡᠯ ᠵᠤᠬᠢᠨ᠎ᠠ᠃       ᠡᠪᠡᠳᠴᠢᠨ ᠢ ᠰᠡᠷᠬᠡᠶᠢᠯᠡᠬᠦ ᠳᠤ ᠲᠤᠤᠷᠠᠬᠢ ᠵᠦᠢᠯᠡᠰ ᠢ ᠠᠩᠬᠠᠷᠪᠠᠯ ᠵᠤᠬᠢᠨ᠎ᠠ 1᠂ ᠤᠨᠳᠠᠵᠤ ᠠᠮᠠᠷᠠᠬᠤ ᠪᠠᠨ ᠲᠤᠬᠢᠷᠠᠭᠤᠯᠤᠨ᠎ᠠ᠃ ᠡᠷᠳᠡ ᠤᠨᠳᠠᠵᠤ ᠡᠷᠳᠡ ᠪᠤᠰᠴᠤ᠂ ᠬᠤᠪᠴᠠᠰᠤ ᠬᠤᠨᠠᠷ ᠢᠶᠠᠨ ᠵᠤᠵᠠᠭᠠᠯᠠᠨ᠂ ᠵᠢᠩᠭᠢᠨᠡᠬᠦ ᠠᠴᠠ ᠰᠡᠷᠬᠡᠶᠢᠯᠡᠨ᠎ᠠ᠃ ᠬᠡᠷ ᠤᠨ ᠭᠠᠳᠠᠨᠠᠬᠢ ᠬᠦᠳᠡᠯᠬᠡᠬᠡᠨ ᠢᠶᠠᠨ ᠨᠡᠮᠡᠭᠳᠡᠬᠦᠯᠬᠦ ᠬᠡᠷᠡᠭᠳᠡᠢ᠃ 2᠂ ᠢᠳᠡᠬᠡᠨ ᠤᠮᠳᠠᠭᠠᠨ ᠢᠶᠠᠨ ᠵᠤᠬᠢᠰᠳᠠᠢ ᠲᠤᠬᠢᠷᠠᠭᠤᠯᠤᠨ᠎ᠠ᠃ ᠭᠤᠰᠢᠭᠤᠨ ᠢᠳᠡᠬᠡᠨ ᠪᠠᠭ᠎ᠠ ᠢᠳᠡᠵᠦ᠂ ᠢᠰᠬᠦᠯᠡᠩ ᠢᠳᠡᠬᠡᠨ ᠢᠯᠡᠬᠦᠦ ᠢᠳᠡᠨ᠎ᠠ᠃ ᠵᠢᠱᠢᠶᠡᠯᠡᠪᠡᠯ᠂ ᠠᠯᠮᠤᠷᠠᠳ᠂ ᠵᠦᠷᠵᠢ᠂ ᠲᠤᠯᠤᠨᠤ᠂ ᠲᠤᠰᠢᠯᠤᠭ ᠵᠡᠷᠬᠡ ᠶᠢ ᠢᠯᠡᠬᠦᠦ ᠢᠳᠡᠪᠡᠯ ᠠᠭᠤᠰᠬᠢᠨ ᠤ ᠬᠡᠢ ᠶᠢ ᠲᠠᠷᠤᠵᠤ ᠲᠡᠶᠢᠯᠦᠨ᠎ᠠ᠃ ᠰᠤᠩᠭᠢᠨ᠎ᠠ᠂ ᠭᠠ ᠵᠡᠷᠬᠡ ᠭᠤᠱᠤᠭᠤᠨ ᠢᠳᠡᠬᠡᠨ ᠢ ᠪᠠᠭ᠎ᠠ ᠢᠳᠡᠨ᠎ᠠ᠃ 3᠂ ᠤᠰᠤ ᠢᠯᠡᠬᠦᠦ ᠤᠤᠭᠤᠨ᠎ᠠ᠃ ᠤᠰᠤ ᠢᠯᠡᠬᠦᠦ ᠤᠤᠭᠤᠬᠤ ᠪᠤᠯ ᠨᠠᠮᠤᠷ ᠤᠨ ᠤᠯᠠᠷᠢᠯ ᠳᠤ ᠠᠭᠤᠰᠬᠢ ᠶᠢ ᠰᠢᠮᠡᠵᠢᠬᠦᠯᠬᠦ ᠰᠡᠶᠢᠨ ᠠᠷᠭ᠎ᠠ ᠮᠦᠨ᠂ ᠨᠢᠬᠡ ᠯᠠ ᠤᠳᠠᠭ᠎ᠠ ᠳᠤ ᠶᠡᠭᠡ ᠬᠡᠮᠵᠢᠶ᠎ᠡ ᠪᠠᠷ ᠤᠰᠤ ᠤᠤᠭᠤᠵᠤ ᠪᠤᠯᠬᠤ ᠦᠬᠡᠢ᠂ ᠬᠠᠷᠢᠨ ᠤᠯᠠᠨ ᠤᠳᠠᠭ᠎ᠠ ᠪᠠᠭ᠎ᠠ ᠪᠠᠭ᠎ᠠ ᠪᠠᠷ ᠤᠤᠭᠤᠬᠤ ᠬᠡᠷᠡᠭᠳᠡᠢ ᠃ 4᠂ ᠤᠷᠮ᠎ᠠ ᠰᠡᠳᠬᠢᠯᠬᠡ ᠪᠠᠨ ᠰᠠᠶᠢᠳᠤᠷ ᠲᠤᠬᠢᠷᠠᠭᠤᠯᠤᠨ᠎ᠠ᠃ ᠦᠷᠯᠦᠬᠡ ᠡᠷᠳᠡ ᠪᠠᠶ᠎ᠠ ᠪᠤᠯᠪᠠᠰᠤᠷᠠᠭᠤᠯᠬᠤ ᠦᠶ᠎ᠡ ᠳᠤ ᠴᠡᠬᠡᠵᠢ ᠲᠡᠨᠢᠢᠨ ᠢᠨᠢᠶᠡᠪᠡᠯ ᠠᠭᠤᠰᠬᠢ ᠶᠢ ᠴᠡᠪᠡᠷᠰᠢᠬᠦᠯᠵᠦ᠂ ᠬᠠᠶᠠᠭᠳᠠᠮᠠᠯ ᠬᠡᠢ ᠶᠢ ᠭᠠᠷᠭᠠᠵᠤ᠂ ᠴᠢᠰᠤᠨ ᠤ ᠡᠷᠬᠢᠯᠳᠡ ᠶᠢ ᠲᠦᠷᠬᠡᠳᠬᠡᠵᠦ᠂ ᠵᠢᠷᠦᠬᠡ ᠠᠭᠤᠰᠬᠢ ᠬᠡᠢ ᠴᠢᠰᠤ ᠶᠢ ᠲᠤᠬᠢᠷᠠᠭᠤᠯᠵᠤ᠂ ᠡᠯᠢᠬᠡᠨ ᠤ ᠬᠡᠢ ᠶᠢ ᠢᠯᠭᠤᠮ ᠪᠤᠯᠭᠠᠵᠤ᠂ ᠬᠦᠮᠦᠨ ᠤ ᠤᠷᠮ᠎ᠠ ᠰᠡᠳᠬᠢᠯᠬᠡ ᠶᠢ ᠲᠤᠭᠳᠠᠭᠤᠨ ᠪᠠᠶᠢᠯᠭᠠᠵᠤ ᠴᠢᠳᠠᠨ᠎ᠠ᠃ ︵︽ᠦᠪᠦᠷ ᠮᠤᠩᠭᠤᠯ ᠤᠨ ᠮᠤᠩᠭᠤᠯ ᠷᠠᠳᠢᠣ᠋ ︾ ᠵᠢᠷᠬᠢᠶ᠎ᠠ ᠲᠠᠪᠴᠡᠩ ᠠᠴᠠ︶
ᠢᠷᠡᠯᠲᠡ᠄ ᠲᠠᠯᠠᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ