ᠭᠠᠩᠰᠠᠷᠠᠯ ᠤᠨ ᠲᠦᠭᠰᠢᠭᠦᠷᠢ ᠶᠢ ᠪᠠᠭᠠᠰᠬᠠᠬᠤ 7 ᠵᠦᠢᠯ ᠤᠨ ᠠᠮᠢᠳᠤᠷᠠᠯ ᠤᠨ ᠬᠡᠪ ᠮᠠᠶ᠋ᠢᠭ
ᠨᠡᠶᠢᠲᠡᠯᠡᠭᠰᠡᠨ ᠴᠠᠭ᠄
2023/10/28
      ᠠᠩᠭ᠍ᠯᠢ ᠶᠢᠨ ᠺᠠᠮᠪᠷᠢᠵ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨᠲᠠᠳ ᠤᠨ ᠬᠢᠭᠰᠡᠨ 28 ᠲᠦᠮᠡᠨ ᠬᠥᠮᠦᠨ ᠳᠤ ᠬᠠᠨᠳᠤᠭᠤᠯᠤᠭᠰᠠᠨ ᠨᠢᠭᠡᠨ ᠵᠠᠳᠠᠯᠤᠯᠲᠠ ᠳᠤ ᠢᠯᠡᠷᠡᠭᠦᠯᠦᠭᠰᠡᠨ ᠢᠶᠠᠷ᠂ ᠡᠷᠡᠭᠦᠯ ᠴᠢᠭᠢᠷᠠᠭ ᠠᠮᠢᠳᠤᠷᠠᠯ ᠤᠨ ᠬᠡᠪ ᠮᠠᠶ᠋ᠢᠭ ᠢ ᠪᠠᠲᠤᠯᠠᠬᠤ ᠨᠢ ᠬᠥᠮᠦᠰ ᠤᠨ ᠭᠠᠨᠭ᠍ᠰᠠᠷᠠᠬᠤ ᠡᠪᠡᠳᠴᠢᠨ ᠳᠤ ᠨᠡᠷᠪᠡᠭᠳᠡᠬᠦ ᠲᠦᠭᠰᠢᠭᠦᠷᠢ ᠶᠢ 57 %᠎ ᠪᠠᠷ ᠪᠠᠭᠤᠷᠠᠭᠤᠯᠵᠤ ᠪᠣᠯᠤᠨ᠎ᠠ ᠭᠡᠵᠡᠢ᠃ ᠰᠤᠳᠤᠯᠭᠠᠨ ᠤ ᠪᠦᠯᠬᠦᠮ ᠤᠨ ᠬᠢᠨ ᠠᠩᠭ᠍ᠯᠢ ᠶᠢᠨ 28 ᠲᠦᠮᠡ ᠭᠠᠷᠤᠶ ᠨᠠᠰᠤᠨ ᠳᠤ ᠬᠦᠷᠦᠭᠰᠡᠳ ᠤᠨ ᠰᠫᠢᠷᠲ ᠪᠣᠯᠤᠨ ᠨᠢᠺᠣᠲ᠋ᠢᠨ ᠤ ᠬᠡᠷᠡᠭᠯᠡᠯᠲᠡ᠂ ᠪᠡᠶ᠎ᠡ ᠶᠢᠨ ᠲᠠᠮᠢᠷ ᠤᠨ ᠬᠥᠳᠡᠯᠭᠡᠭᠡᠨ᠂ ᠢᠳᠡᠭᠡᠨ ᠤᠮᠳᠠᠭᠠᠨ᠂ ᠨᠦᠢᠷ ᠪᠣᠯᠤᠨ ᠬᠥᠮᠦᠰ ᠤᠨ ᠬᠠᠷᠢᠴᠠᠭᠠᠨ ᠤ ᠲᠤᠭ᠎ᠠ ᠪᠠᠷᠢᠮᠲᠠ ᠶᠢ ᠵᠠᠳᠠᠯᠤᠨ ᠰᠢᠨᠵᠢᠯᠡᠪᠡ᠃ ᠣᠷᠣᠯᠴᠠᠭᠰᠠᠳ 2006 ᠣᠨ ᠠᠴᠠ 2010 ᠣᠨ ᠪᠣᠯᠲᠠᠯᠠᠬᠢ ᠬᠤᠭᠤᠴᠠᠭᠠᠨ ᠳᠤ ᠠᠮᠢᠳᠤᠷᠠᠯ ᠤᠨ ᠠᠷᠭ᠎ᠠ ᠮᠠᠶ᠋ᠢᠭ ᠤᠨ ᠠᠰᠠᠭᠤᠯᠲᠠ ᠶᠢᠨ ᠬᠠᠭᠤᠳᠠᠰᠤ ᠶᠢ ᠨᠢᠭᠡ ᠬᠤᠪᠢ ᠪᠢᠴᠢᠵᠦ ᠳᠠᠭᠤᠰᠬᠠᠭᠰᠠᠨ ᠪᠥᠭᠡᠳ ᠰᠤᠳᠤᠯᠭᠠᠲᠠᠳ ᠴᠤ ᠲᠡᠳᠡᠨ ᠤ ᠡᠷᠡᠭᠦᠯ ᠮᠡᠨᠳᠦ ᠶᠢᠨ ᠲᠡᠮᠳᠡᠭᠯᠡᠯ ᠢ ᠪᠠᠶᠢᠴᠠᠭᠠᠨ ᠦᠵᠡᠵᠡᠢ᠃ ᠲᠡᠭᠦᠨ ᠠᠴᠠ ᠬᠤᠶᠢᠰᠢᠬᠢ 13 ᠵᠢᠯ ᠤᠨ ᠲᠠᠭᠠᠨ ᠰᠤᠷᠪᠤᠯᠵᠢᠯᠠᠭᠰᠠᠨ ᠬᠤᠭᠤᠴᠠᠭᠠᠨ ᠳᠤ 12916 ᠬᠥᠮᠦᠨ ᠭᠠᠨᠭ᠍ᠰᠠᠷᠠᠬᠤ ᠡᠪᠡᠳᠴᠢᠨ ᠳᠤ ᠨᠡᠷᠪᠡᠭᠳᠡᠭᠰᠡᠨ ᠢᠶᠠᠷ ᠣᠨᠣᠰᠢᠯᠠᠭᠳᠠᠵᠠᠶ᠃       ᠰᠤᠳᠤᠯᠭᠠᠨ ᠤ ᠠᠵᠢᠯᠲᠠᠨ ᠨᠠᠰᠤ ᠵᠢᠯ᠂ ᠬᠦᠢᠰᠦ᠂ ᠪᠡᠶ᠎ᠡ ᠶᠢᠨ ᠬᠦᠨᠳᠦ ᠶᠢᠨ ᠵᠢᠭᠠᠯᠲᠠ ᠲᠤᠭ᠎ᠠ᠂ ᠨᠡᠶᠢᠭᠡᠮ ᠤᠨ ᠠᠵᠤ ᠠᠬᠤᠶ ᠶᠢᠨ ᠪᠠᠶᠢᠷᠢ ᠰᠠᠭᠤᠷᠢ ᠪᠠ ᠰᠤᠷᠭᠠᠨ ᠬᠥᠮᠦᠵᠢᠯ ᠤᠨ ᠬᠢᠷᠢ ᠬᠡᠮᠵᠢᠶ᠎ᠡ ᠳᠤ ᠲᠣᠬᠢᠷᠠᠭᠤᠯᠤᠯᠲᠠ ᠬᠢᠭᠰᠡᠨ ᠤ ᠳᠠᠷᠠᠭ᠎ᠠ 7 ᠵᠦᠢᠯ ᠤᠨ ᠠᠮᠢᠳᠤᠷᠠᠯ ᠤᠨ ᠬᠡᠪ ᠮᠠᠶ᠋ᠢᠭ ᠨᠢ ᠭᠠᠩᠰᠠᠷᠠᠯ ᠤᠨ ᠲᠦᠭᠰᠢᠭᠦᠷᠢ ᠨᠡᠯᠢᠶᠡᠳ ᠳᠣᠤᠷ᠎ᠠ ᠪᠠᠶᠢᠭ᠎ᠠ ᠲᠠᠢ ᠬᠤᠯᠪᠣᠭ᠎ᠠ ᠲᠠᠢ ᠶᠢ ᠣᠯᠵᠤ ᠮᠡᠳᠡᠵᠡᠶ᠃ ᠡᠳᠡᠭᠡᠷ ᠨᠢ ᠵᠣᠬᠢᠬᠤ ᠬᠡᠮᠵᠢᠶ᠎ᠡ ᠪᠠᠷ ᠠᠷᠢᠬᠢ ᠤᠤᠭᠤᠬᠤ᠂ ᠶᠡᠷᠦ ᠠᠴᠠ ᠲᠠᠮᠠᠬᠢ ᠲᠠᠲᠠᠬᠤ ᠦᠭᠡᠢ᠂ ᠭᠦᠢᠴᠡᠳ ᠤᠨᠲᠠᠬᠤ᠂ ᠲᠣᠭᠲᠠᠭᠰᠠᠨ ᠬᠤᠭᠤᠴᠠᠭ᠎ᠠ ᠲᠠᠢ ᠪᠡᠶ᠎ᠡ ᠪᠣᠯᠪᠠᠰᠤᠷᠠᠬᠤ᠂ ᠡᠷᠡᠭᠦᠯ ᠬᠤᠭᠤᠯᠠᠯᠠᠬᠤ᠂ ᠦᠷᠭᠦᠯᠵᠢ ᠨᠡᠶᠢᠭᠡᠮ ᠤᠨ ᠬᠠᠷᠢᠯᠴᠠᠭ᠎ᠠ ᠬᠢᠬᠦ ᠪᠠ ᠤᠳᠠᠭᠠᠨ ᠰᠠᠭᠤᠬᠤ ᠶᠢ ᠠᠯᠢ ᠴᠢᠳᠠᠬᠤ ᠪᠠᠷ ᠪᠠᠭᠠᠰᠬᠠᠬᠤ ᠵᠡᠷᠭᠡ ᠪᠤᠯᠤᠨ᠎ᠠ᠃ ᠳᠠᠷᠠᠭ᠎ᠠ ᠪᠠᠷ ᠨᠢ ᠰᠤᠳᠤᠯᠭᠠᠨ ᠤ ᠠᠵᠢᠯᠲᠠᠳ ᠣᠷᠣᠯᠴᠠᠭᠰᠠᠳ ᠤᠨ ᠠᠮᠢᠳᠤᠷᠠᠯ ᠤᠨ ᠬᠡᠪ ᠮᠠᠶ᠋ᠢᠭ ᠢ ᠦᠨᠳᠦᠰᠦᠯᠡᠨ ᠲᠡᠳᠡᠨ ᠢ ᠲᠥᠷᠥᠯ ᠬᠤᠪᠢᠶᠠᠵᠠᠶ᠃ ᠡᠭᠦᠨ ᠤ ᠦᠷ᠎ᠡ ᠳ᠋ᠦᠩ ᠳᠤ 5 — 7 ᠵᠦᠢᠯ ᠤᠨ ᠡᠷᠡᠭᠦᠯ ᠴᠢᠭᠢᠷᠠᠭ ᠠᠮᠢᠳᠤᠷᠠᠯ ᠤᠨ ᠳᠠᠳᠬᠠᠯ ᠲᠠᠢ ᠬᠥᠮᠦᠰ ᠤᠨ ᠭᠠᠨᠭ᠍ᠰᠠᠷᠠᠬᠤ ᠡᠪᠡᠳᠴᠢᠨ ᠳᠤ ᠨᠡᠷᠪᠡᠭᠳᠡᠬᠦ ᠲᠦᠭᠰᠢᠭᠦᠷᠢ ᠨᠢ ᠵᠥᠪᠬᠡᠨ ᠲᠡᠭᠦᠨ ᠤ ᠳᠣᠲᠣᠷᠠᠬᠢ ᠬᠤᠶᠠᠷ ᠵᠦᠢᠯ ᠤᠨ ᠳᠠᠳᠬᠠᠯ ᠲᠠᠢ ᠬᠥᠮᠦᠰ ᠤᠨ ᠬᠢ ᠠᠴᠠ ᠳᠤᠮᠳᠠᠴᠢ ᠪᠠᠷ 57 %᠎ ᠪᠠᠷ ᠳᠣᠤᠷ᠎ᠠ ᠪᠠᠶᠢᠬᠤ ᠶᠢ ᠢᠯᠡᠷᠡᠬᠦᠯᠵᠡᠢ᠃ ᠤᠨᠲᠠᠬᠤ᠂ ᠪᠣᠯᠪᠠᠰᠤᠷᠠᠬᠤ ᠪᠠ ᠨᠡᠶᠢᠭᠡᠮ ᠤᠨ ᠬᠠᠷᠢᠯᠴᠠᠭᠠᠨ ᠤ ᠠᠵᠢᠯᠯᠠᠭ᠎ᠠ ᠶᠢᠨ ᠨᠥᠯᠥᠭᠡ ᠨᠢ ᠬᠠᠮᠤᠭ ᠤᠨ ᠶᠡᠭᠡ ᠪᠠᠶᠢᠵᠤ᠂ ᠡᠭᠦᠨ ᠤ ᠳᠣᠲᠣᠷᠠᠬᠢ ᠠᠯᠢ ᠨᠢᠭᠡ ᠨᠢ ᠴᠦ ᠴᠥᠮ ᠭᠠᠩᠰᠠᠷᠠᠬᠤ ᠡᠪᠡᠳᠴᠢᠨ ᠤ ᠲᠦᠭᠰᠢᠭᠦᠷᠢ ᠶᠢᠨ 20 %᠎ ᠪᠠᠷ ᠪᠠᠭᠤᠷᠠᠭᠰᠠᠨ ᠲᠠᠢ ᠬᠤᠯᠪᠣᠭ᠎ᠠ ᠲᠠᠢ᠃
ᠢᠷᠡᠯᠲᠡ᠄ ᠲᠠᠯᠠᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ