ᠶᠠᠮᠠᠷ ᠪᠠᠶᠢᠳᠠᠯ ᠳᠣᠣᠷ᠎ᠠ ᠰᠢᠭᠤᠶᠢᠲᠤ ᠭᠠᠵᠠᠷ ᠢ ᠬᠡᠷᠡᠭᠯᠡᠬᠦ ᠭᠠᠷ ᠭᠦᠢᠴᠡᠳᠬᠡᠯ ᠬᠢᠬᠦ ᠬᠡᠷᠡᠭᠲᠡᠶ ᠪᠤᠢ︖
ᠨᠡᠶᠢᠲᠡᠯᠡᠭᠰᠡᠨ ᠴᠠᠭ᠄
2023/10/29
      ᠶᠠᠮᠠᠷ ᠪᠠᠶᠢᠳᠠᠯ ᠳᠣᠣᠷ᠎ᠠ ᠰᠢᠭᠤᠶᠢᠲᠤ ᠭᠠᠵᠠᠷ ᠢ ᠬᠡᠷᠡᠭᠯᠡᠬᠦ ᠭᠠᠷ ᠭᠦᠢᠴᠡᠳᠬᠡᠯ ᠬᠢᠬᠦ ᠬᠡᠷᠡᠭᠲᠡᠶ ᠪᠤᠢ︖ ᠬᠠᠷᠢᠭᠤᠯᠲᠠ᠄ ︽ᠣᠶ ᠰᠢᠭᠤᠶ ᠶᠢᠨ ᠬᠠᠤᠯᠢ︾᠂ ︽ᠣᠶ ᠰᠢᠭᠤᠶ ᠶᠢᠨ ᠬᠠᠤᠯᠢ ᠶᠢ ᠬᠡᠷᠡᠭᠵᠢᠭᠦᠯᠬᠦ ᠳᠦᠷᠢᠮ︾ ᠵᠢᠴᠢ ︽ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠤᠶᠢᠲᠤ ᠭᠠᠵᠠᠷ ᠢ ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠠᠷᠭ᠎ᠠ︾᠎ ᠶᠢᠨ ᠲᠣᠭᠲᠠᠭᠠᠯ ᠢ ᠦᠨᠳᠦᠰᠦᠯᠡᠨ ᠂ ᠤᠶᠢᠲᠤ ᠭᠠᠵᠠᠷ ᠳᠡᠭᠡᠷ᠎ᠡ ᠡᠭᠦᠷᠢᠳᠡ ᠶᠢᠨ ᠴᠢᠨᠠᠷᠲᠠᠶ᠂ ᠲᠦᠷ ᠴᠠᠭ ᠤᠨ ᠴᠢᠨᠠᠷᠲᠠᠶ ᠪᠠᠷᠢᠯᠭ᠎ᠠ᠂ ᠪᠠᠷᠢᠯᠭ᠎ᠠ ᠶᠢᠨ ᠵᠦᠢᠯᠡᠰ ᠪᠠᠶᠢᠭᠤᠯᠬᠤ ᠵᠢᠴᠢ ᠤᠶᠢᠲᠤ ᠭᠠᠵᠠᠷ ᠤᠨ ᠬᠡᠷᠡᠭᠴᠡᠭᠡ ᠶᠢ ᠬᠤᠪᠢᠷᠠᠭᠤᠯᠤᠭᠰᠠᠨ ᠪᠤᠰᠤᠳ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠳᠤ ᠤᠶᠢᠲᠤ ᠭᠠᠵᠠᠷ ᠢ ᠬᠡᠷᠡᠭᠯᠡᠬᠦ ᠭᠠᠷᠳᠠᠮ ᠭᠦᠢᠴᠡᠳᠬᠡᠬᠦ ᠬᠡᠷᠡᠭᠲᠡᠶ᠃       ᠭᠤᠤᠯᠳᠠᠭᠤ ᠬᠠᠶᠢᠨ ᠪᠠᠶᠢᠴᠠᠭᠠᠬᠤ᠂ ᠠᠭᠤᠷᠬᠠᠶ ᠮᠠᠯᠲᠠᠬᠤ ᠪᠠ ᠡᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠨᠢ ᠣᠶᠢᠲᠤ ᠭᠠᠵᠠᠷ ᠢ ᠡᠵᠡᠯᠡᠨ ᠬᠡᠷᠡᠭᠯᠡᠭᠰᠡᠨ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠣᠶᠢᠲᠤ ᠭᠠᠵᠠᠷ ᠢ ᠲᠦᠷ ᠴᠠᠭ ᠡᠵᠡᠯᠡᠨ ᠬᠡᠷᠡᠭᠯᠡᠬᠦ᠂ ᠣᠶ ᠰᠢᠭᠤᠶ ᠶᠢᠨ ᠡᠵᠡᠩᠨᠡᠯᠲᠡ ᠶᠢᠨ ᠨᠢᠭᠡᠴᠡ ᠠᠴᠠ ᠡᠵᠡᠩᠨᠡᠵᠦ ᠪᠦᠬᠦᠢ ᠤᠶᠢᠲᠦ ᠭᠠᠵᠠᠷ ᠤᠨ ᠢᠶᠠᠨ ᠬᠡᠪᠴᠢᠶᠡᠨ ᠳᠤ ᠣᠶ ᠰᠢᠭᠤᠶ ᠶᠢᠨ ᠦᠢᠯᠡᠰ ᠤᠨ ᠦᠢᠯᠡᠳᠪᠦᠷᠢᠯᠡᠯ ᠳᠤ ᠰᠢᠭᠤᠳ ᠦᠢᠯᠡᠴᠢᠯᠡᠵᠦ ᠪᠠᠶᠢᠭ᠎ᠠ ᠪᠠᠷᠢᠯᠭ᠎ᠠ ᠵᠢᠴᠢ ᠲᠦᠬᠦᠭᠡᠷᠤᠮᠵᠢ ᠪᠠᠶᠢᠭᠤᠯᠬᠤ ᠳᠤ ᠤᠶᠢᠲᠤ ᠭᠠᠵᠠᠷ ᠢ ᠡᠵᠡᠯᠡᠨ ᠬᠡᠷᠡᠭᠯᠡᠨ᠎ᠡ᠃
ᠢᠷᠡᠯᠲᠡ᠄ ᠲᠠᠯᠠᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ