2024 ᠣᠨ ᠳᠤ ᠲᠥᠪ ᠤᠨ ᠠᠯᠪᠠᠨ ᠪᠠᠶᠢᠭᠤᠯᠭ᠎ᠠ ᠳᠤ 39600 ᠠᠯᠪᠠᠨ ᠬᠠᠭᠠᠭᠴᠢ ᠡᠯᠰᠡᠨ᠎ᠡ
ᠨᠡᠶᠢᠲᠡᠯᠡᠭᠰᠡᠨ ᠴᠠᠭ᠄
2023/10/29
      ᠮᠠᠨ ᠤ ᠸᠢᠴᠠᠲ ᠲᠠᠪᠴᠠᠩ ᠳᠤ ᠰᠠᠭᠠᠲᠠᠭᠰᠠᠨ ᠡᠷᠬᠢᠮ ᠲᠠᠨ᠎ᠠ ᠪᠠᠶᠠᠷᠲᠠᠢ ᠮᠡᠳᠡᠭᠡ ᠳᠠᠮᠵᠢᠭᠤᠯᠤᠶ᠎ᠠ᠃ ᠲᠥᠪ ᠤᠨ ᠠᠯᠪᠠᠨ ᠪᠠᠶᠢᠭᠤᠯᠭ᠎ᠠ ᠪᠣᠯᠣᠨ ᠲᠡᠭᠦᠨ ᠤ ᠰᠢᠭᠤᠳ ᠬᠠᠷᠢᠶ᠎ᠠ ᠪᠠᠶᠢᠭᠤᠯᠤᠮᠵᠢ ᠳᠤ 2024 ᠣᠨ ᠳᠤ ᠨᠡᠶᠢᠲᠡ 3 ᠲᠦᠮᠡ 9600 ᠠᠯᠪᠠᠨ ᠬᠠᠭᠠᠭᠴᠢ ᠶᠢ ᠰᠢᠯᠭᠠᠵᠤ ᠡᠯᠰᠡᠬᠦ ᠪᠠᠷ ᠲᠥᠯᠥᠪᠯᠡᠵᠦ ᠪᠠᠶᠢᠨ᠎ᠠ᠃       ᠡᠨᠡ ᠰᠢᠯᠭᠠᠯᠲᠠ ᠳᠤ ᠨᠡᠷ᠎ᠡ ᠪᠠᠨ ᠮᠡᠳᠡᠭᠦᠯᠦᠭᠴᠢᠳ ᠥᠨᠥᠳᠥᠷ ᠲᠤᠬᠠᠶᠢᠯᠠᠪᠠᠯ ᠡᠨᠡ ᠰᠠᠷ᠎ᠠ ᠶᠢᠨ 15᠎ ᠤ ᠡᠳᠦᠷ ᠤᠨ 8 ᠴᠠᠭ ᠠᠴᠠ 24᠎ ᠤ ᠡᠳᠦᠷ ᠤᠨ 18 ᠴᠠᠭ ᠪᠣᠯᠲᠠᠯ᠎ᠠ ︽ᠲᠥᠪ ᠤᠨ ᠠᠯᠪᠠᠨ ᠪᠠᠶᠢᠭᠤᠯᠭ᠎ᠠ ᠪᠣᠯᠣᠨ ᠲᠡᠭᠦᠨ ᠤ ᠰᠢᠭᠤᠳ ᠬᠠᠷᠢᠶ᠎ᠠ ᠪᠠᠶᠢᠭᠤᠯᠤᠮᠵᠢ ᠶᠢᠨ 2024 ᠣᠨ ᠤ ᠠᠯᠪᠠᠨ ᠬᠠᠭᠠᠭᠴᠢ ᠶᠢ ᠰᠢᠯᠭᠠᠵᠤ ᠡᠯᠰᠡᠬᠦ ᠲᠤᠰᠬᠠᠢ ᠰᠦᠯᠵᠢᠶ᠎ᠡ︾ ᠳᠡᠭᠡᠷ᠎ᠡ ᠭᠠᠷᠴᠤ ᠨᠡᠷ᠎ᠡ ᠪᠠᠨ ᠮᠡᠳᠡᠭᠦᠯᠦᠭᠡᠷᠡᠢ︕ ᠨᠡᠶᠢᠲᠡ ᠶᠢᠨ ᠬᠢᠴᠢᠶᠡᠯ ᠤᠨ ᠪᠢᠷ ᠤᠨ ᠰᠢᠯᠭᠠᠯᠲᠠ ᠶᠢ 11 ᠳ᠋ᠦ᠋ᠭᠡᠷ ᠰᠠᠷ᠎ᠠ ᠶᠢᠨ 26᠎ ᠤ ᠡᠳᠦᠷ ᠰᠢᠯᠭᠠᠨ᠎ᠠ᠃
ᠢᠷᠡᠯᠲᠡ᠄ ᠲᠠᠯᠠᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ