ᠲᠥᠷᠥ ᠶᠢᠨ ᠶᠠᠪᠤᠳᠠᠯ ᠤᠨ ᠬᠤᠷᠢᠶ᠎ᠠ 11 ᠰᠠᠷ᠎ᠠ ᠳᠤ ᠥᠪᠥᠷ ᠮᠣᠩᠭᠤᠯ ᠳᠤ ᠲᠤᠬᠠᠶ ᠶᠢᠨ ᠭᠠᠵᠠᠷ ᠲᠤᠨᠢ ᠰᠢᠪᠠᠳᠠᠨ ᠪᠠᠶᠢᠴᠠᠭᠠᠯᠲᠠ ᠬᠢᠬᠦ ᠪᠠᠷ ᠪᠠᠶᠢᠨ᠎ᠠ᠂ ᠲᠣᠰ ᠡᠳᠦᠷ ᠠᠴᠠ ᠡᠬᠢᠯᠡᠨ ᠨᠡᠶᠢᠭᠡᠮ ᠨᠡᠶᠢᠲᠡ ᠠᠴᠠ ᠠᠰᠠᠭᠤᠳᠠᠯ ᠤᠨ ᠰᠦᠪᠡᠭᠴᠢ ᠴᠤᠬᠯᠠᠭᠤᠯᠤᠨ᠎ᠠ
ᠨᠡᠶᠢᠲᠡᠯᠡᠭᠰᠡᠨ ᠴᠠᠭ᠄
2023/10/29
      2023 ᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠡᠷᠦᠩᠬᠡᠶᠢᠯᠡᠭᠰᠡᠨ ᠰᠢᠪᠠᠳᠠᠨ ᠪᠠᠶᠢᠴᠠᠭᠠᠯᠲᠠ ᠪᠠᠷ ᠠᠰᠠᠭᠤᠳᠠᠯ ᠤᠨ ᠰᠦᠪᠡᠭᠴᠢ ᠴᠤᠭᠯᠠᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠵᠠᠷ ᠲᠥᠷᠥ ᠶᠢᠨ ᠶᠠᠪᠤᠳᠠᠯ ᠤᠨ ᠬᠤᠷᠢᠶ᠎ᠠ 11 ᠰᠠᠷ᠎ᠠ ᠳᠤ 2023 ᠣᠨ ᠤ ᠲᠥᠷᠥ ᠶᠢᠨ ᠶᠠᠪᠤᠳᠠᠯ ᠤᠨ ᠬᠤᠷᠢᠶᠠᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠡᠷᠦᠩᠬᠡᠶᠢᠯᠡᠭᠰᠡᠨ ᠰᠢᠪᠠᠳᠠᠨ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠡᠭᠡᠵᠢᠩ᠂ ᠲᠢᠶᠠᠨᠵᠢᠨ᠂ ᠾᠧᠪᠸᠢ᠂ ᠥᠪᠥᠷ ᠮᠣᠩᠭᠤᠯ᠂ ᠭᠢᠷᠢᠨ᠂ ᠬᠠᠷᠠᠮᠥ᠋ᠷᠡᠨ᠂ ᠱᠠᠩᠬᠠᠶ᠂ ᠠᠨᠾᠦ᠋ᠢ᠂ ᠵᠢᠶᠠᠩᠰᠢ᠂ ᠬᠤᠨᠠᠨ᠂ ᠭᠤᠸᠠᠩᠰᠢ᠂ ᠬᠠᠶᠢᠨᠠᠨ᠂ ᠴᠦᠩᠴᠢᠩ᠂ ᠶᠦᠨᠨᠠᠨ᠂ ᠭᠠᠨᠰᠦ᠂ ᠨᠢᠩᠰᠢᠶᠠ ᠵᠡᠷᠭᠡ 16 ᠮᠤᠵᠢ ︵ᠣᠷᠣᠨ᠂ ᠬᠤᠲᠠ︶᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠲᠤᠬᠠᠶ ᠶᠢᠨ ᠭᠠᠵᠠᠷ ᠲᠤᠨᠢ ᠰᠢᠪᠠᠳᠠᠨ ᠪᠠᠶᠢᠴᠠᠭᠠᠯᠲᠠ ᠬᠢᠬᠦ ᠪᠠᠷ ᠪᠠᠶᠢᠨ᠎ᠠ᠃       ᠰᠢᠪᠠᠳᠠᠨ ᠪᠠᠶᠢᠴᠠᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠵᠡᠷᠭᠡ ᠪᠠᠷ ᠠᠳᠬᠤᠬᠤ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠲᠣᠰ ᠡᠳᠦᠷ ᠠᠴᠠ ᠡᠬᠢᠯᠡᠨ ᠨᠡᠶᠢᠭᠡᠮ ᠨᠡᠶᠢᠲᠡ ᠠᠴᠠ ᠳᠤᠤᠷᠠᠬᠢ ᠠᠰᠠᠭᠤᠳᠠᠯ ᠤᠨ ᠰᠦᠪᠡᠭᠴᠢ ᠶᠢ ᠴᠤᠭᠯᠠᠭᠤᠯᠤᠨ᠎ᠠ᠄       ᠨᠢᠭᠡ ᠳᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠢᠢᠷᠠᠬᠤ ᠶᠢ ᠬᠠᠷᠰᠢᠯᠠᠭᠰᠠᠨ ᠲᠠᠯ᠎ᠠ ᠪᠠᠷ ᠬᠢ ᠠᠰᠠᠭᠤᠳᠠᠯ ᠤᠨ ᠰᠦᠪᠡᠭᠴᠢ᠃       ᠬᠤᠶᠠᠷ ᠲᠤ ᠪᠦᠬᠦ ᠤᠯᠤᠰ ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ ᠢ ᠪᠠᠶᠢᠭᠤᠯᠬᠤ ᠶᠢ ᠬᠠᠷᠰᠢᠯᠠᠭᠰᠠᠨ ᠲᠠᠯ᠎ᠠ ᠪᠠᠷ ᠬᠢ ᠠᠰᠠᠭᠤᠳᠠᠯ ᠤᠨ ᠰᠦᠪᠡᠭᠴᠢ᠃        ᠭᠤᠷᠪᠠ ᠳᠤ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠥᠷᠭᠡᠳᠬᠡᠬᠦ ᠶᠢ ᠨᠥᠯᠥᠭᠡᠯᠡᠭᠰᠡᠨ ᠲᠠᠯ᠎ᠠ ᠪᠠᠷ ᠬᠢ ᠠᠰᠠᠭᠤᠳᠠᠯ ᠤᠨ ᠰᠦᠪᠡᠭᠴᠢ᠃       ᠳᠥᠷᠪᠡ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠶᠢ ᠨᠥᠯᠥᠭᠡᠯᠡᠭᠰᠡᠨ ᠲᠠᠯ᠎ᠠ ᠪᠠᠷ ᠬᠢ ᠠᠰᠠᠭᠤᠳᠠᠯ ᠤᠨ ᠰᠦᠪᠡᠭᠴᠢ᠃       ᠲᠠᠪᠤ ᠳᠤ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠨᠠᠶᠢᠳᠠᠪᠤᠷᠢᠭᠤᠯᠤᠬᠰᠠᠨ ᠢᠶᠠᠷ ᠬᠦᠷᠦᠯᠴᠡᠬᠦ ᠦᠭᠡᠢ ᠪᠠᠶᠢᠬᠤ ᠲᠠᠯ᠎ᠠ ᠪᠠᠷ ᠬᠢ ᠠᠰᠠᠭᠤᠳᠠᠯ ᠤᠨ ᠰᠦᠪᠡᠭᠴᠢ᠃
ᠢᠷᠡᠯᠲᠡ᠄ ᠲᠠᠯᠠᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ