ᠪᠣᠷᠣᠯᠠᠭᠤᠯᠬᠤ ᠶᠢ ᠲᠦᠷ ᠵᠣᠭᠰᠣᠭᠠᠵᠦ ᠡᠭᠡᠭᠦᠯᠦᠨ ᠠᠪᠴᠢᠷᠠᠨ᠎ᠠ︕ ᠡᠨᠡ 15 ᠪᠦᠯᠦᠭ ᠤᠳᠠᠭ᠎ᠠ ᠶᠢᠨ ᠡᠮ ᠲᠣᠭᠲᠠᠭᠠᠯ ᠳᠤ ᠨᠡᠶᠢᠴᠡᠬᠦ ᠥᠬᠡᠶ
ᠨᠡᠶᠢᠲᠡᠯᠡᠭᠰᠡᠨ ᠴᠠᠭ᠄
2023/10/29
      ᠤᠯᠤᠰ ᠤᠨ ᠡᠮ ᠲᠠᠩ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠶᠢᠷ᠎ᠠ ᠳᠤ ᠵᠠᠷᠯᠠᠯ ᠨᠡᠶᠢᠲᠡᠯᠡᠵᠦ᠂ ᠳᠤᠮᠳᠠᠳᠤ ᠤᠯᠤᠰ ᠤᠨ ᠢᠳᠡᠭᠡᠨ ᠪᠠ ᠡᠮ ᠤᠨ ᠵᠦᠢᠯ ᠢ ᠰᠢᠯᠭᠠᠨ ᠲᠣᠭᠲᠠᠭᠠᠬᠤ ᠰᠤᠳᠤᠯᠭᠠᠨ ᠤ ᠬᠦᠷᠢᠶᠡᠯᠡᠩ ᠵᠡᠷᠭᠡ ᠡᠮ ᠤᠨ ᠵᠦᠢᠯ ᠢ ᠰᠢᠯᠭᠠᠨ ᠪᠠᠶᠢᠴᠠᠭᠠᠬᠤ 3 ᠪᠠᠶᠢᠭᠤᠯᠤᠮᠵᠢ ᠶᠢᠨ ᠰᠢᠯᠭᠠᠨ ᠪᠠᠶᠢᠴᠠᠭᠠᠯᠲᠠ ᠪᠠᠷ ᠳᠡᠮᠵᠢᠨ᠂ ᠤᠯᠠᠭᠠᠨᠬᠤᠲᠠ ᠶᠢᠨ ᠬᠢᠲᠠᠳ ᠮᠣᠩᠭᠤᠯ ᠡᠮ ᠦᠢᠯᠡᠳᠬᠦ ᠬᠢᠵᠠᠭᠠᠷᠲᠤ ᠺᠣᠮᠫᠠᠨᠢ ᠵᠡᠷᠭᠡ 15 ᠠᠵᠤ ᠠᠬᠤᠶᠢᠯᠠᠯ ᠤᠨ ᠦᠢᠯᠡᠳᠪᠦᠷᠢᠯᠡᠭᠰᠡᠨ ᠲᠠᠪᠤᠨ ᠨᠠᠶᠢᠷᠠᠯᠭ᠎ᠠ ᠲᠠᠢ ᠲᠤᠩᠭᠠᠯᠠᠭ ᠦᠷᠢᠯ ᠵᠡᠷᠭᠡ 15 ᠪᠦᠯᠦᠭ ᠤᠳᠠᠭ᠎ᠠ ᠶᠢᠨ ᠡᠮ ᠢ ᠲᠣᠭᠲᠠᠭᠠᠯ ᠳᠤ ᠨᠡᠶᠢᠴᠡᠬᠦ ᠥᠬᠡᠶ ᠭᠡᠵᠦ ᠢᠯᠡᠷᠬᠡᠶᠢᠯᠡᠵᠡᠶ᠃ ᠵᠠᠷᠯᠠᠯ ᠢ ᠦᠨᠳᠦᠰᠦᠯᠡᠪᠡᠯ᠂ ᠳᠤᠮᠳᠠᠳᠤ ᠤᠯᠤᠰ ᠤᠨ ᠢᠳᠡᠭᠡᠨ ᠪᠠ ᠡᠮ ᠤᠨ ᠵᠦᠢᠯ ᠢ ᠰᠢᠯᠭᠠᠨ ᠲᠣᠭᠲᠠᠭᠠᠬᠤ ᠰᠤᠳᠤᠯᠭᠠᠨ ᠤ ᠬᠦᠷᠢᠶᠡᠯᠡᠩ ᠤᠨ ᠰᠢᠯᠭᠠᠨ ᠪᠠᠶᠢᠴᠠᠭᠠᠯᠲᠠ ᠪᠠᠷ ᠳᠡᠮᠵᠢᠨ᠂ ᠤᠯᠠᠭᠠᠨᠬᠤᠲᠠ ᠶᠢᠨ ᠬᠢᠲᠠᠳ ᠮᠣᠩᠭᠤᠯ ᠡᠮ ᠦᠢᠯᠡᠳᠬᠦ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠭᠰᠡᠨ ᠨᠢᠭᠡ ᠪᠦᠯᠦᠭ ᠤᠳᠠᠭ᠎ᠠ ᠶᠢᠨ ᠲᠠᠪᠤᠨ ᠨᠠᠶᠢᠷᠠᠯᠭ᠎ᠠ ᠲᠠᠢ ᠲᠤᠩᠭᠠᠯᠠᠭ ᠦᠷᠢᠯ ᠲᠣᠭᠲᠠᠭᠠᠯ ᠳᠤ ᠨᠡᠶᠢᠴᠡᠬᠦ ᠥᠬᠡᠶ᠂ ᠲᠥᠷᠥᠯ ᠵᠦᠢᠯ ᠤᠨ ᠠᠭᠤᠰᠤᠨ ᠵᠠᠳᠠᠷᠠᠬᠤ ᠴᠠᠭ ᠬᠤᠭᠤᠴᠠᠭ᠎ᠠ ᠳᠤ ᠲᠣᠭᠲᠠᠭᠠᠯ ᠳᠤ ᠨᠡᠶᠢᠴᠡᠬᠦ ᠥᠬᠡᠶ ᠭᠡᠵᠦ ᠲᠣᠳᠣᠷᠬᠠᠶᠢᠯᠠᠭᠰᠠᠨ ᠪᠠᠶᠢᠨ᠎ᠠ᠃       ᠠᠭᠤᠰᠤᠨ ᠵᠠᠳᠠᠷᠠᠬᠤ ᠴᠠᠭ ᠬᠤᠭᠤᠴᠠᠭ᠎ᠠ ᠶᠢᠨ ᠬᠢᠵᠠᠭᠠᠷ ᠭᠡᠳᠡᠭ ᠨᠢ ᠦᠷᠢᠯ ᠡᠮ ᠤᠨ ᠠᠭᠤᠰᠤᠨ ᠵᠠᠳᠠᠷᠠᠬᠤ ᠪᠤᠶᠤ ᠬᠡᠮᠬᠡᠷᠬᠡᠶ ᠮᠥᠬᠦᠯᠢᠭ ᠪᠣᠯᠬᠤ ᠴᠠᠭ ᠬᠤᠭᠤᠴᠠᠭ᠎ᠠ ᠶᠢ ᠵᠢᠭᠠᠵᠤ ᠪᠣᠶ᠂ ᠲᠣᠭᠲᠠᠭᠠᠯ ᠳᠤ ᠨᠡᠶᠢᠴᠡᠬᠦ ᠥᠬᠡᠶ ᠰᠢᠯᠲᠠᠭᠠᠨ ᠨᠢ ᠡᠮ ᠤᠨ ᠵᠣᠷ ᠵᠢᠴᠢ ᠭᠠᠷ ᠤᠷᠠᠯᠠᠯ ᠢ ᠵᠣᠬᠢᠰᠲᠠᠶ ᠡᠵᠡᠮᠳᠡᠭᠰᠡᠨ ᠥᠬᠡᠶ ᠵᠡᠷᠭᠡ ᠲᠠᠢ ᠬᠤᠯᠪᠣᠭ᠎ᠠ ᠲᠠᠢ ᠪᠠᠶᠢᠵᠤ ᠮᠡᠳᠡᠨ᠎ᠡ᠃ ᠤᠯᠤᠰ ᠤᠨ ᠡᠮ ᠲᠠᠩ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨ ᠬᠡᠯᠡᠬᠦ ᠳᠡᠭᠡᠨ᠂ ᠳᠡᠭᠡᠷ᠎ᠡ ᠳᠤᠷᠠᠳᠤᠭᠰᠠᠨ ᠲᠣᠭᠲᠠᠭᠠᠯ ᠳᠤ ᠨᠡᠶᠢᠴᠡᠬᠦ ᠥᠬᠡᠶ ᠡᠮ ᠤᠨ ᠲᠤᠬᠠᠢ ᠡᠮ ᠲᠠᠩ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠨᠢᠭᠡᠨᠲᠡ ᠬᠤᠯᠪᠣᠭᠳᠠᠯ ᠪᠥᠬᠦᠶ ᠠᠵᠤ ᠠᠬᠤᠶᠢᠯᠠᠯ ᠪᠠ ᠨᠢᠭᠡᠴᠡ ᠶᠢ ᠪᠣᠷᠣᠯᠠᠭᠤᠯᠭ᠎ᠠ ᠬᠡᠷᠡᠭᠯᠡᠯᠲᠡ ᠪᠠᠨ ᠲᠦᠷ ᠵᠣᠭᠰᠣᠭᠠᠬᠤ᠂ ᠡᠭᠡᠭᠦᠯᠦᠨ ᠠᠪᠴᠢᠷᠠᠬᠤ ᠵᠡᠷᠭᠡ ᠲᠦᠭᠰᠢᠭᠦᠷᠢ ᠶᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠠᠪᠴᠤ᠂ ᠲᠣᠭᠲᠠᠭᠠᠯ ᠳᠤ ᠨᠡᠶᠢᠴᠡᠬᠦ ᠥᠬᠡᠶ ᠰᠢᠯᠲᠠᠭᠠᠨ ᠢ ᠪᠠᠶᠢᠴᠠᠭᠠᠬᠤ ᠶᠢᠨ ᠬᠠᠮᠲᠤ ᠦᠨᠡᠨ ᠬᠦ ᠴᠡᠭᠴᠡᠯᠡᠨ ᠥᠭᠡᠷᠡᠴᠢᠯᠡᠭᠦ ᠭᠡᠷᠡᠭᠳᠡᠢ ᠭᠡᠵᠦ ᠱᠠᠭᠠᠷᠳᠠᠪᠠ᠃       ᠤᠯᠤᠰ ᠤᠨ ᠡᠮ ᠲᠠᠩ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠤᠯᠪᠣᠭᠳᠠᠯ ᠪᠦᠬᠦᠢ ᠮᠤᠵᠢ ᠶᠢᠨ ᠱᠠᠲᠤᠨ ᠤ ᠡᠮ ᠲᠠᠩ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮ ᠤᠨ ᠵᠦᠢᠯ ᠤᠨ ᠬᠠᠮᠢᠶᠠᠷᠤᠯᠲᠠ ᠶᠢᠨ ᠬᠠᠤᠯᠢ︾᠎ ᠶᠢ ᠦᠨᠳᠦᠰᠦᠯᠡᠨ᠂ ᠳᠡᠭᠡᠷ᠎ᠡ ᠳᠤᠷᠠᠳᠤᠭᠰᠠᠨ ᠠᠵᠤ ᠠᠬᠤᠶᠢᠯᠠᠯ ᠪᠣᠯᠤᠨ ᠨᠢᠭᠡᠴᠡ ᠳᠤ ᠣᠷᠣᠰᠢᠵᠤ ᠪᠠᠶᠢᠭ᠎ᠠ ᠬᠠᠤᠯᠢ ᠠᠴᠠ ᠵᠥᠷᠢᠴᠡᠭᠰᠡᠨ ᠰᠡᠵᠢᠭᠲᠡᠶ ᠦᠢᠯᠡ ᠠᠵᠢᠯᠯᠠᠭ᠎ᠠ ᠶᠢ ᠬᠡᠷᠡᠭ ᠪᠣᠯᠭᠠᠨ ᠳᠠᠩᠰᠠᠯᠠᠵᠤ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠬᠤ ᠶᠢᠨ ᠬᠠᠮᠲᠤ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠭᠰᠡᠨ ᠦᠷ᠎ᠡ ᠳ᠋ᠦᠡᠭ ᠢ ᠢᠯᠡ ᠨᠡᠶᠢᠳᠡᠯᠡᠬᠦ ᠭᠡᠷᠡᠭᠳᠡᠢ ᠬᠡᠵᠤ ᠱᠠᠭᠠᠷᠳᠠᠵᠠᠢ᠃
ᠢᠷᠡᠯᠲᠡ᠄ ᠲᠠᠯᠠᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ