︽ᠨᠠᠰᠤᠨ ᠳᠤ ᠦᠯᠦ ᠬᠦᠷᠦᠭᠰᠡᠳ ᠤᠨ ᠰᠦᠯᠵᠢᠶᠡᠨ ᠤ ᠬᠠᠮᠠᠭᠠᠯᠠᠯᠲᠠ ᠶᠢᠨ ᠳᠦᠷᠢᠮ︾᠎ ᠢ ᠨᠡᠶᠢᠲᠡᠯᠡᠪᠡ
ᠨᠡᠶᠢᠲᠡᠯᠡᠭᠰᠡᠨ ᠴᠠᠭ᠄
2023/10/29
      ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠥᠨᠥᠬᠡᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ ᠲᠤ ᠭᠠᠷ ᠤᠨ ᠦᠰᠦᠭ ᠵᠢᠷᠤᠵᠤ᠂ ︽ᠨᠠᠰᠤᠨ ᠳᠤ ᠦᠯᠦ ᠬᠦᠷᠦᠭᠰᠡᠳ ᠤᠨ ᠰᠦᠯᠵᠢᠶᠡᠨ ᠤ ᠬᠠᠮᠠᠭᠠᠯᠠᠯᠲᠠ ᠶᠢᠨ ᠳᠦᠷᠢᠮ︾᠎ ᠢ ᠨᠡᠶᠢᠲᠡᠯᠡᠵᠦ᠂ 2024 ᠣᠨ ᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠬᠦ ᠪᠠᠷ ᠪᠣᠯᠵᠠᠢ᠃ ᠡᠨᠡ ︽ᠳᠦᠷᠢᠮ︾᠎ ᠨᠢ ᠨᠡᠶᠢᠲᠡ 7 ᠪᠦᠯᠦᠭ 60 ᠵᠤᠷᠪᠤᠰ ᠢᠶᠠᠷ ᠪᠦᠷᠢᠯᠳᠦᠵᠦ᠂ ᠭᠤᠣᠯᠳᠠᠭᠤ ᠡᠶᠢᠮᠦ ᠬᠡᠳᠦᠨ ᠠᠭᠤᠯᠭ᠎ᠠ ᠶᠢ ᠪᠠᠭᠲᠠᠭᠠᠭᠰᠠᠨ ᠪᠠᠶᠢᠨ᠎ᠠ᠃       ᠨᠢᠭᠡ ᠳᠤ᠂ ᠨᠠᠰᠤᠨ ᠳᠤ ᠦᠯᠦ ᠬᠦᠷᠦᠭᠰᠡᠳ ᠤᠨ ᠰᠦᠯᠵᠢᠶᠡᠨ ᠤ ᠬᠠᠮᠠᠭᠠᠯᠠᠯᠲᠠ ᠶᠢᠨ ᠳᠦᠷᠢᠮ ᠲᠣᠭᠲᠠᠴᠠ ᠶᠢ ᠲᠡᠭᠦᠯᠳᠡᠷᠵᠢᠭᠦᠯᠬᠦ᠃       ᠬᠤᠶᠠᠷ ᠲᠤ᠂ ᠨᠠᠰᠤᠨ ᠳᠤ ᠦᠯᠦ ᠬᠦᠷᠦᠭᠰᠡᠳ ᠤᠨ ᠰᠦᠯᠵᠢᠶᠡᠨ ᠤ ᠬᠢᠷᠢ ᠪᠣᠯᠪᠠᠰᠤᠷᠠᠯ ᠢ ᠳᠡᠭᠡᠭᠰᠢᠯᠡᠭᠦᠯᠵᠦ᠂ ᠰᠦᠯᠵᠢᠶᠡᠨ ᠤ ᠬᠢᠷᠢ ᠪᠣᠯᠪᠠᠰᠤᠷᠠᠯ ᠤᠨ ᠬᠥᠮᠥᠵᠢᠯ ᠢ ᠰᠤᠷᠭᠠᠭᠤᠯᠢ ᠶᠢᠨ ᠬᠢᠷᠢ ᠪᠣᠯᠪᠠᠰᠤᠷᠠᠯ ᠤᠨ ᠬᠢᠴᠢᠶᠡᠯ ᠬᠥᠮᠥᠵᠢᠯ ᠤᠨ ᠠᠭᠤᠯᠭ᠎ᠠ ᠪᠣᠯᠭᠠᠬᠤ ᠃       ᠭᠤᠷᠪᠠ ᠳᠤ᠂ ᠰᠦᠯᠵᠢᠶᠡᠨ ᠤ ᠴᠢᠮᠡᠭᠡ ᠵᠠᠩᠭᠢ ᠶᠢᠨ ᠠᠭᠤᠯᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠤ ᠨᠠᠰᠤᠨ ᠳᠤ ᠦᠯᠦ ᠬᠦᠷᠦᠭᠰᠡᠳ ᠢ ᠰᠦᠯᠵᠢᠶ᠎ᠡ ᠪᠠᠷ ᠭᠤᠲᠤᠭᠠᠨ ᠳᠣᠷᠣᠮᠵᠢᠯᠠᠬᠤ ᠠᠵᠢᠯᠯᠠᠭ᠎ᠠ ᠶᠢ ᠬᠤᠷᠢᠭᠯᠠᠨ ᠴᠠᠭᠠᠵᠠᠯᠠᠬᠤ᠃       ᠳᠥᠷᠪᠡ ᠳᠤ᠂ ᠨᠠᠰᠤᠨ ᠳᠤ ᠦᠯᠦ ᠬᠦᠷᠦᠭᠰᠡᠳ ᠤᠨ ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ᠃       ᠲᠠᠪᠤ ᠳᠤ ᠂ ᠨᠠᠰᠤᠨ ᠳᠤ ᠦᠯᠦ ᠬᠦᠷᠦᠭᠰᠡᠳ ᠤᠨ ᠰᠦᠯᠵᠢᠶᠡᠨ ᠳᠤ ᠰᠢᠨᠤᠬᠤ ᠶᠢ ᠰᠡᠷᠭᠡᠶᠢᠯᠡᠨ ᠵᠠᠰᠠᠵᠤ᠂ ᠰᠦᠯᠵᠢᠶᠡᠨ ᠤ ᠲᠣᠭᠯᠠᠭᠠᠮ ᠤᠨ ᠦᠢᠯᠡᠴᠢᠯᠡᠭᠡ ᠬᠠᠩᠭᠠᠭᠴᠢᠳ ᠠᠴᠠ ᠨᠠᠰᠤᠨ ᠳᠤ ᠦᠯᠦ ᠬᠦᠷᠦᠭᠰᠡᠳ ᠤᠨ ᠰᠦᠯᠵᠢᠶᠡᠨ ᠤ ᠲᠣᠭᠯᠠᠭᠠᠮ ᠳᠤ ᠰᠢᠨᠤᠬᠤ ᠠᠴᠠ ᠤᠷᠢᠳᠴᠢᠯᠠᠨ ᠰᠡᠷᠭᠡᠶᠢᠯᠡᠬᠦ ᠳᠦᠷᠢᠮ ᠢ ᠲᠣᠭᠲᠠᠭᠠᠵᠤ᠂ ᠲᠣᠭᠯᠠᠭᠠᠮ ᠤᠨ ᠪᠦᠲᠦᠭᠡᠭᠳᠡᠬᠦᠨ ᠢ ᠲᠥᠷᠥᠯ ᠬᠤᠪᠢᠶᠠᠬᠤ ᠶᠢᠨ ᠬᠠᠮᠲᠤ ᠶᠠᠮᠠᠷ ᠨᠠᠰᠤᠨ ᠤ ᠬᠡᠦᠬᠡᠳ ᠲᠤ ᠲᠣᠬᠢᠷᠠᠬᠤ ᠶᠢ ᠰᠠᠨᠠᠭᠤᠯᠬᠤ ᠵᠡᠷᠭᠡ ᠪᠣᠯᠣᠨ᠎ᠠ᠃ 
ᠢᠷᠡᠯᠲᠡ᠄ ᠲᠠᠯᠠᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ