ᠡᠵᠡᠨ ᠬᠤᠷᠤᠭ᠎ᠠ ᠬᠤᠰᠢᠭᠤ ᠬᠢᠬᠡᠳ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠠᠭᠤᠷᠬᠠᠢ ᠶᠢᠨ ᠦᠢᠯᠡᠰ ᠤᠨ ᠺᠣᠮᠫᠠᠨᠢ  ᠰᠠᠭᠤᠳᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2023/10/31
     10 ᠳ᠋ᠣᠭᠠᠷ ᠰᠠᠷ᠎ᠠ ᠶᠢᠨ 28᠎ ᠤ ᠡᠳᠦᠷ᠂ ᠡᠵᠡᠨ ᠬᠤᠷᠤᠭ᠎ᠠ ᠬᠤᠰᠢᠭᠤ ᠬᠢᠬᠡᠳ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠠᠭᠤᠷᠬᠠᠢ ᠶᠢᠨ ᠦᠢᠯᠡᠰ ᠤᠨ ᠺᠣᠮᠫᠠᠨᠢ ᠲᠠᠢ ᠰᠠᠭᠤᠳᠠᠯ ᠤᠨ ᠬᠤᠷᠠᠯ ᠬᠢᠪᠡ᠃ ᠬᠤᠰᠢᠭᠤ ᠨᠠᠮ ᠤᠨ ᠬᠤᠷᠢᠶᠠᠨ ᠤ ᠱᠦᠵᠢ᠂ ᠵᠠᠰᠠᠭ ᠤᠨ ᠣᠷᠳᠣᠨ ᠤ ᠳᠠᠷᠤᠭ᠎ᠠ ᠦ᠋ ᠶᠦᠨ ᠬᠢᠬᠡᠳ ᠳᠤᠮᠳᠠᠳᠤ ᠤᠯᠤᠰ ᠤᠨ ᠠᠬᠠᠮᠠᠳ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠬᠤᠪᠢᠶᠠᠷᠢ ᠨᠡᠶᠢᠭᠡᠮᠯᠢᠭ ᠤᠨ ᠳᠠᠷᠤᠭ᠎ᠠ ᠭᠤᠸᠠᠨ ᠹᠧᠩ ᠵᠢᠶᠦ᠋ᠨ᠂ ᠳᠤᠮᠳᠠᠳᠤ ᠤᠯᠤᠰ ᠤᠨ ᠭᠠᠵᠠᠷ ᠰᠢᠨᠵᠢᠯᠡᠬᠡᠨ ᠤ ᠠᠭᠤᠷᠬᠠᠢ ᠶᠢᠨ ᠦᠢᠯᠡᠰ ᠤᠨ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠰᠥᠩ ᠶᠦᠩ ᠴᠢ ᠰᠠᠭᠤᠳᠠᠯ ᠤᠨ ᠬᠤᠷᠠᠯ ᠳᠤ ᠣᠷᠣᠯᠴᠠᠪᠠ᠃ ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠧᠦ ᠯᠢ ᠮᠢᠩ ᠬᠤᠷᠠᠯ ᠡᠷᠭᠢᠯᠡᠪᠡ᠃
1.jpg
       ᠰᠠᠭᠤᠳᠠᠯ ᠤᠨ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠬᠤᠶᠠᠷ ᠲᠠᠯ᠎ᠠ ᠪᠠᠷ ᠢᠶᠠᠨ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠠᠭᠤᠷᠬᠠᠢ ᠶᠢᠨ ᠦᠢᠯᠡᠰ ᠤᠨ ᠺᠣᠮᠫᠠᠨᠢ ᠪᠣᠯᠣᠨ ᠡᠵᠡᠨ ᠬᠤᠷᠤᠭ᠎ᠠ ᠬᠤᠰᠢᠭᠤᠨ ᠤ ᠤᠬᠠᠭᠤᠯᠭ᠎ᠠ ᠶᠢᠨ ᠹᠢᠯᠢᠮ ᠢ ᠬᠠᠮᠲᠤᠪᠠᠷ ᠰᠣᠨᠢᠷᠬᠠᠪᠠ᠃      ᠳᠠᠷᠠᠭ᠎ᠠ ᠨᠢ᠂ ᠰᠦᠩ ᠶᠦᠩ ᠴᠢ ᠠᠵᠤ ᠠᠬᠤᠶᠢᠯᠠᠯ ᠤᠨ ᠦᠨᠳᠦᠰᠦᠨ ᠪᠠᠶᠢᠳᠠᠯ ᠢᠶᠠᠨ ᠲᠠᠨᠢᠯᠴᠠᠭᠤᠯᠪᠠ᠃ ᠲᠡᠷᠡ ᠢᠯᠡᠷᠬᠡᠶᠢᠯᠡᠬᠦ ᠳᠡᠭᠡᠨ ᠡᠵᠡᠨ ᠬᠤᠷᠤᠭ᠎ᠠ ᠬᠤᠰᠢᠭᠤ ᠲᠠᠢ ᠭᠠᠵᠠᠷ ᠰᠢᠷᠣᠢ ᠶᠢ ᠴᠡᠭᠴᠡᠯᠡᠨ ᠵᠠᠰᠠᠬᠤ ᠲᠠᠯ᠎ᠠ ᠪᠠᠷ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ᠂ ᠰᠡᠳᠬᠢᠴᠡ ᠪᠠᠨ ᠰᠠᠶᠢᠲᠤᠷ ᠰᠤᠳᠤᠯᠵᠤ᠂ ᠲᠥᠰᠥᠯ ᠢᠶᠠᠨ ᠰᠠᠶᠢᠲᠤᠷ ᠲᠥᠯᠥᠪᠯᠡᠵᠦ᠂ ᠲᠦᠷᠦᠯ ᠵᠦᠢᠯ ᠢᠶᠠᠨ ᠰᠠᠶᠢᠲᠤᠷ ᠬᠡᠷᠡᠭᠵᠢᠭᠦᠯᠵᠦ᠂ ᠬᠠᠮᠢᠶ᠎ᠠ ᠪᠦᠬᠦᠢ ᠬᠦᠷᠢᠶᠡᠨ ᠤ ᠲᠦᠷᠦ ᠶᠢᠨ ᠪᠣᠳᠣᠯᠭ᠎ᠠ ᠶᠢᠨ ᠲᠡᠭᠦᠯᠳᠡᠷᠵᠢᠯᠲᠡ ᠪᠣᠯᠣᠨ ᠮᠡᠷᠭᠡᠵᠢᠯ ᠤᠨ ᠰᠢᠨ᠎ᠡ ᠶᠢ ᠡᠭᠦᠳᠬᠦ ᠳᠤ ᠬᠦᠴᠦᠨ ᠨᠡᠮᠡᠷᠢᠯᠡᠵᠦ᠂ ᠠᠮᠢ ᠠᠬᠤᠢ ᠶᠢᠨ ᠠᠵᠤ ᠦᠢᠯᠡᠰᠵᠢᠯᠲᠡ ᠪᠣᠯᠣᠨ ᠠᠵᠤ ᠦᠢᠯᠡᠰ ᠤᠨ ᠠᠮᠢ ᠠᠬᠤᠢᠢᠵᠢᠯᠲᠠ ᠶᠢ ᠲᠦᠷᠭᠡᠳᠬᠡᠨ ᠠᠬᠢᠭᠤᠯᠵᠤ᠂ ᠣᠷᠣᠨ ᠨᠤᠲᠤᠭ ᠤᠨ ᠪᠣᠬᠢᠷᠲᠤᠯ ᠦᠭᠡᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠠ ᠭᠡᠪᠡ᠃
2.jpg
     ᠭᠤᠸᠠᠨ ᠹᠧᠩ ᠵᠢᠶᠦ᠋ᠨ ᠡᠵᠡᠨ ᠬᠤᠷᠤᠭ᠎ᠠ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢᠨ ᠳᠤᠮᠳᠠ ᠠᠵᠤ ᠠᠬᠤᠢ ᠶᠢᠨ ᠦᠷ᠎ᠡ ᠠᠰᠢᠭ ᠪᠣᠯᠣᠨ ᠠᠮᠢ ᠠᠬᠤᠢ ᠶᠢᠨ ᠦᠷ᠎ᠡ ᠠᠰᠢᠭ ᠢ ᠬᠠᠮᠲᠤ ᠳᠤᠨᠢ ᠬᠠᠷᠠᠭᠠᠯᠵᠠᠭᠰᠠᠨ ᠢ ᠮᠠᠭᠲᠠᠨ ᠰᠠᠶᠢᠰᠢᠶᠠᠬᠤ ᠶᠢᠨ ᠬᠠᠮᠲᠤ ᠪᠦᠬᠦ ᠣᠷᠣᠨ ᠪᠦᠰᠡ ᠶᠢᠨ ᠭᠠᠵᠠᠷ ᠰᠢᠷᠣᠢ ᠶᠢ ᠴᠡᠭᠴᠡᠯᠡᠨ ᠵᠠᠰᠠᠬᠤ ᠶᠢ ᠠᠬᠢᠭᠤᠯᠬᠤ ᠲᠤᠬᠠᠢ ᠡᠷᠬᠢᠮ ᠨᠠᠨᠳᠢᠨ ᠰᠠᠨᠠᠭᠤᠯᠭ᠎ᠠ ᠳᠤᠷᠠᠳᠪᠠ᠃ ᠲᠡᠷᠡ ᠶᠠᠷᠢᠬᠤ ᠳᠠᠭᠠᠨ᠂ ᠡᠵᠡᠨ ᠬᠤᠷᠤᠭ᠎ᠠ ᠬᠤᠰᠢᠭᠤ ᠠᠭᠤᠷᠬᠠᠢ ᠶᠢ ᠰᠡᠷᠭᠦᠭᠡᠨ ᠵᠠᠰᠠᠬᠤ᠂ ᠨᠡᠭᠦᠷᠡᠰᠦᠨ ᠴᠢᠯᠠᠭᠤ ᠶᠢ ᠰᠢᠢᠳᠪᠦᠷᠢᠯᠡᠬᠦ ᠵᠡᠷᠭᠡ ᠲᠠᠯ᠎ᠠ ᠪᠠᠷ ᠤᠷᠢᠳᠠᠪᠠᠷ ᠲᠤᠷᠰᠢᠵᠤ᠂ ᠨᠡᠶᠢᠲᠡᠯᠢᠭ ᠲᠤᠷᠰᠢᠯᠭ᠎ᠠ ᠶᠢ ᠳᠡᠯᠭᠡᠷᠡᠭᠦᠯᠬᠦ ᠠᠷᠭ᠎ᠠ ᠶᠢ ᠪᠦᠷᠢᠯᠳᠦᠭᠦᠯᠬᠦ ᠶᠢ ᠬᠦᠰᠡᠵᠦ ᠪᠠᠶᠢᠨ᠎ᠠ ᠭᠡᠪᠠ᠃      ᠦ᠋ ᠶᠦᠨ ᠭᠤᠸᠠᠨ ᠹᠧᠩ ᠵᠢᠶᠦ᠋ᠨ ᠨᠠᠷ ᠤᠨ ᠪᠦᠬᠦ ᠬᠤᠰᠢᠭᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠳᠤ ᠦᠭᠬᠦᠭᠰᠡᠨ ᠦᠨᠡᠯᠡᠯᠳᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠶᠠᠷᠢᠬᠤ ᠳᠠᠭᠠᠨ ᠡᠵᠡᠨ ᠬᠤᠷᠤᠭ᠎ᠠ ᠬᠤᠰᠢᠭᠤ ᠪᠣᠯᠣᠨ ᠭᠠᠵᠠᠷ ᠰᠢᠨᠵᠢᠯᠡᠬᠡᠨ ᠤ ᠠᠭᠤᠷᠬᠠᠢ ᠶᠢᠨ ᠦᠢᠯᠡᠰ ᠤᠨ ᠺᠣᠮᠫᠠᠨᠢ ᠶᠢᠨ ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠬᠤ ᠬᠠᠷᠠᠯᠲᠠ ᠨᠢ ᠵᠣᠬᠢᠴᠠᠵᠤ᠂ ᠠᠵᠤ ᠦᠢᠯᠡᠰ ᠤᠨ ᠡᠷᠭᠢᠯᠲᠡᠲᠦ ᠬᠥᠭᠵᠢᠯᠲᠡ ᠶᠢ ᠠᠬᠢᠭᠤᠯᠬᠤ ᠴᠢᠭᠯᠡᠯ ᠲᠠᠢ ᠵᠤᠬᠢᠴᠠᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠥᠬᠦ ᠬᠤᠰᠢᠭᠤᠨ ᠤ ᠭᠠᠵᠠᠷ ᠰᠢᠷᠣᠢ ᠶᠢ ᠴᠡᠭᠴᠡᠯᠡᠨ ᠵᠠᠰᠠᠬᠤ ᠵᠢᠴᠢ ᠭᠠᠵᠠᠷ ᠰᠢᠷᠣᠢ ᠶᠢ ᠰᠡᠷᠭᠦᠭᠡᠨ ᠳᠠᠬᠢᠨ ᠠᠰᠢᠭᠯᠠᠬᠤ ᠠᠵᠢᠯ ᠤᠨ ᠰᠢᠨ᠎ᠡ ᠦᠷ᠎ᠡ ᠪᠦᠲᠦᠮᠵᠢ ᠣᠯᠬᠤ ᠶᠢ ᠬᠠᠮᠲᠤ ᠪᠠᠷ ᠠᠬᠢᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠪᠠ ᠬᠥᠭᠵᠢᠯᠲᠡ ᠳᠤ ᠬᠡᠷᠡᠭᠯᠡᠬᠦ ᠭᠠᠵᠠᠷ ᠰᠢᠷᠣᠢ ᠶᠢᠨ ᠬᠡᠷᠡᠭᠴᠡᠭᠡ ᠶᠢ ᠤᠯᠠᠮ ᠨᠢᠭᠡ ᠠᠯᠬᠤᠮ ᠬᠠᠩᠭᠠᠵᠤ᠂ ᠠᠮᠢ ᠠᠬᠤᠶ ᠶᠢ ᠰᠡᠷᠭᠦᠭᠡᠨ ᠵᠠᠰᠠᠬᠤ ᠶᠢ ᠵᠠᠬ᠎ᠠ ᠳᠡᠯᠭᠡᠭᠦᠷᠴᠢᠯᠡᠬᠦ᠂ ᠦᠷᠭᠦᠯᠵᠢᠯᠡᠨ ᠬᠡᠷᠡᠭᠵᠢᠭᠦᠯᠵᠦ ᠪᠣᠯᠬᠤ ᠲᠦᠷᠢᠮ ᠤᠨ ᠲᠣᠭᠲᠠᠴᠠ ᠶᠢ ᠰᠦᠪᠡᠭᠴᠢᠯᠡᠨ ᠪᠦᠷᠢᠯᠳᠦᠭᠦᠯᠦᠨ᠎ᠡ ᠬᠡᠪᠡ᠃   
3.jpg
      ᠰᠠᠭᠤᠳᠠᠯ ᠤᠨ ᠬᠤᠷᠠᠯ ᠳᠡᠭᠡᠷ᠎ᠡ᠂ ᠬᠤᠰᠢᠭᠤ ᠠᠷᠠᠳ ᠤᠨ ᠵᠠᠰᠠᠭ ᠤᠨ ᠣᠷᠳᠣᠨ ᠬᠢᠬᠡᠳ ᠳᠤᠮᠳᠠᠳᠤ ᠤᠯᠤᠰ ᠤᠨ ᠭᠠᠵᠠᠷ ᠰᠢᠨᠵᠢᠯᠡᠬᠡᠨ ᠤ ᠠᠭᠤᠷᠬᠠᠢ ᠶᠢᠨ ᠦᠢᠯᠡᠰ ᠤᠨ ᠺᠣᠮᠫᠠᠨᠢ ᠲᠠᠢ ᠪᠣᠷᠣ ᠲᠥᠯᠥᠪ ᠤᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ᠃      ᠬᠤᠰᠢᠭᠤᠨ ᠤ ᠤᠳᠤᠷᠢᠳᠤᠯᠭ᠎ᠠ ᠯᠢᠦ ᠰᠢᠶᠣᠣ ᠳ᠋ᠦᠩ᠂ ᠵᠣᠣ ᠸᠧᠢ᠂ ᠰᠢᠶᠧ ᠯᠢ ᠶᠤᠸᠠᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠠᠭᠤᠳᠠᠯ ᠤᠨ ᠬᠤᠷᠠᠯ ᠳᠤ ᠣᠷᠣᠯᠴᠠᠪᠠ᠃ 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ