ᠮᠠᠨ ᠤ ᠤᠷᠤᠨ ᠦᠬᠡᠷ ᠬᠤᠨᠢᠨ ᠤ ᠡᠭᠦᠯᠳᠡᠷ ᠪᠤᠶᠢᠵᠢᠭᠤᠯᠬᠤ ᠭᠤᠣᠯ ᠲᠠᠯᠠᠪᠠᠢ ᠶᠢᠨ ᠲᠤᠭ᠎ᠠ ᠪᠠᠷ ᠪᠦᠬᠦ ᠤᠯᠤᠰ ᠲᠤ ᠲᠦᠷᠦᠭᠦᠯᠡᠵᠤ ᠪᠤᠢ
ᠨᠡᠶᠢᠲᠡᠯᠡᠭᠰᠡᠨ ᠴᠠᠭ᠄
2023/10/9
      ᠦᠪᠡᠷᠳᠡᠭᠡᠨ ᠵᠠᠰᠠᠬᠤ ᠤᠷᠤᠨ ᠤ ᠳᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ ᠲᠢᠩᠬᠢᠮ ᠠᠴᠠ ᠤᠶᠢᠯᠠᠭᠠᠭᠰᠠᠨ ᠢᠶᠠᠷ᠂ ᠤᠳᠤ ᠮᠠᠨ ᠤ ᠣᠷᠣᠨ ᠮᠠᠯ ᠵᠢᠬᠦᠷᠳᠡᠨ ᠤ ᠡᠭᠦᠯᠳᠡᠷ ᠪᠤᠶᠢᠵᠢᠭᠤᠯᠬᠤ 20 ᠭᠤᠣᠯ ᠲᠠᠯᠠᠪᠠᠢ ᠲᠠᠢ ᠪᠠᠶᠢᠵᠤ᠂ ᠦᠬᠡᠷ ᠬᠤᠨᠢᠨ ᠤ ᠡᠭᠦᠯᠳᠡᠷ ᠪᠤᠶᠢᠵᠢᠭᠤᠯᠬᠤ ᠭᠤᠣᠯ ᠲᠠᠯᠠᠪᠠᠢ ᠶᠢᠨ ᠲᠤᠭ᠎ᠠ ᠪᠠᠷ ᠪᠦᠬᠦ ᠤᠯᠤᠰ ᠲᠤ ᠲᠦᠷᠦᠭᠦᠯᠡᠵᠤ᠂ ᠡᠭᠦᠯᠳᠡᠷ ᠪᠤᠶᠢᠵᠢᠭᠤᠯᠬᠤ ᠭᠤᠣᠯ ᠲᠠᠯᠠᠪᠠᠢ ᠶᠢᠨ ᠶᠡᠷᠦᠩᠬᠡᠢ ᠲᠤᠭ᠎ᠠ ᠪᠠᠷ ᠪᠦᠬᠦ ᠤᠯᠤᠰ ᠲᠤ ᠲᠡᠳ᠋ᠯᠡᠵᠤ ᠪᠠᠶᠢᠨ᠎ᠠ᠃       ᠤᠶᠢᠯᠠᠭᠠᠭᠰᠠᠨ ᠢᠶᠠᠷ᠂ ᠥᠪᠥᠷ ᠮᠣᠩᠭᠤᠯ ᠤᠨ ︽᠎ ᠲᠤ ᠮᠧᠩ ᠮᠢᠬᠠᠨ ᠤ ᠬᠤᠨᠢ︾ ᠤᠯᠤᠰ ᠤᠨ ᠰᠢᠨ᠎ᠡ ᠡᠭᠦᠯᠳᠡᠷ ᠤᠨ ᠦᠨᠡᠮᠯᠡᠯ ᠢ ᠬᠦᠷᠳᠡᠵᠤ᠂ ᠣᠯᠭᠤᠶᠠ ᠶᠢᠨ ᠴᠠ ᠪᠤᠭᠤ ᠶᠢᠨ ᠦᠷ᠎ᠡ ᠶᠢᠨ ᠬᠠᠮᠠᠭᠠᠯᠠᠯᠳᠠ ᠶᠢᠨ ᠲᠠᠯᠠᠪᠠᠢ ᠨᠢ ᠤᠯᠤᠰ ᠤᠨ ᠳᠡᠰ ᠤᠨ ᠦᠷ᠎ᠡ ᠶᠢᠨ ᠬᠠᠮᠠᠭᠠᠯᠠᠯᠳᠠ ᠶᠢᠨ ᠲᠠᠯᠠᠪᠠᠢ ᠪᠤᠯᠵᠤ᠂ ᠥᠪᠥᠷ ᠮᠣᠩᠭᠤᠯ ᠤᠨ ᠵᠦᠩ ᠨᠦᠩ ᠬᠢᠩᠭᠠᠨ ᠤ ᠦᠷ᠎ᠠ ᠶᠢᠨ ᠦᠬᠡᠷ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠲᠤ ᠮᠧᠢ ᠮᠠᠯ ᠠᠵᠤ ᠠᠬᠤᠢ ᠶᠢᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠣᠷᠳᠣᠰ ᠬᠤᠲᠠ ᠶᠢᠨ ᠯᠢ ᠰᠢᠨ ᠠᠵᠤ ᠦᠢᠯᠡᠰ ᠤᠨ ᠬᠢᠵᠠᠭᠠᠷᠲᠤ ᠺᠣᠮᠫᠠᠨᠢ ᠵᠡᠷᠭᠡ 5 ᠠᠵᠤ ᠠᠬᠤᠶᠢᠯᠠᠯ ᠤᠯᠤᠰ ᠤᠨ ᠡᠭᠦᠯᠳᠡᠷ ᠪᠤᠶᠢᠵᠢᠭᠤᠯᠬᠤ ᠭᠤᠣᠯ ᠲᠠᠯᠠᠪᠠᠢ ᠪᠠᠷ ᠰᠢᠨ᠎ᠡ ᠪᠠᠷ ᠰᠤᠩᠭᠤᠭᠳᠠᠵᠤ᠂ ᠰᠠᠢ ᠺᠧ ᠰᠢᠩ ᠪᠤᠯᠤᠨ ᠲᠦᠩᠯᠢᠶᠣᠣ ᠶᠢᠨ ᠵᠢᠩ ᠶᠤᠸᠠᠨ ᠪᠤᠬ᠎ᠠ ᠲᠠᠵᠢᠬᠡᠬᠦ ᠥᠷᠲᠡᠭᠡ 10 ᠵᠢᠯ ᠳᠠᠷᠠᠭᠠᠯᠠᠨ ᠢᠴᠡᠭᠡᠯ ᠦᠷ᠎ᠡ ᠶᠢᠨ ᠰᠤᠭᠤᠴᠢᠨ ᠪᠠᠶᠢᠴᠠᠭᠠᠯᠳᠠ ᠳᠤ ᠬᠢᠷᠢ ᠲᠡᠩᠴᠡᠪᠡ᠃ ᠣᠶᠢᠷ᠎ᠠ ᠶᠢᠨ ᠵᠢᠯ ᠳᠤ ᠮᠠᠨ ᠤ ᠤᠷᠤᠨ ᠮᠠᠯ ᠵᠢᠭᠦᠷᠲᠡᠨ ᠤ ᠦᠷ᠎ᠡ ᠶᠢᠨ ᠦᠢᠯᠡᠰ ᠢ ᠬᠦᠭᠵᠢᠬᠦᠯᠦᠨ ᠮᠠᠨᠳᠤᠭᠤᠯᠬᠤ ᠪᠠᠷ ᠦᠷᠭᠦᠯᠵᠢᠯᠡᠨ ᠬᠦᠴᠦᠯᠡᠵᠦ᠂ ᠦᠬᠡᠷ ᠬᠤᠨᠢᠨ ᠤ ᠡᠭᠦᠯᠳᠡᠷ ᠪᠤᠶᠢᠵᠢᠭᠤᠯᠬᠤ ᠰᠢᠨ᠎ᠡ ᠶᠢ ᠡᠭᠦᠳᠬᠦ ᠴᠢᠳᠠᠪᠤᠷᠢ ᠪᠣᠯᠤᠨ ᠦᠷ᠎ᠡ ᠶᠢᠨ ᠢᠷᠡᠯᠲᠡ ᠶᠢᠨ ᠬᠠᠩᠭᠠᠯᠭ᠎ᠠ ᠶᠢᠨ ᠴᠢᠳᠠᠪᠤᠷᠢ ᠨᠢ ᠪᠦᠬᠦ ᠤᠯᠤᠰ ᠤᠨ ᠲᠦᠷᠦᠭᠦᠤ ᠪᠠᠶᠢᠷᠢᠨ ᠳᠤ ᠣᠷᠣᠵᠤ᠂ ᠮᠠᠯ ᠠᠵᠤ ᠠᠬᠤᠢ ᠲᠠᠷᠢᠶᠠᠯᠠᠩ ᠤᠨ ᠲᠣᠭᠲᠠᠭᠤᠨ ᠢᠶᠠᠷ ᠬᠥᠭᠵᠢᠬᠦ ᠳᠤ ᠦᠷ᠎ᠡ ᠶᠢᠨ ᠦᠢᠯᠡᠰ ᠤᠨ ᠰᠠᠭᠤᠷᠢ ᠶᠢ ᠪᠠᠲᠤᠳᠬᠠᠪᠠ᠃ ᠣᠳᠣᠬᠠᠨ ᠪᠤᠯᠳᠠᠯ᠎ᠠ ᠮᠠᠨ ᠤ ᠤᠷᠤᠨ ᠨᠢᠭᠡᠨᠲᠡ 23 ᠮᠢᠬᠠᠨ ᠤ ᠦᠬᠡᠷ ᠬᠤᠨᠢ ᠶᠢᠨ ᠡᠭᠦᠯᠳᠡᠷ ᠢ ᠪᠤᠶᠢᠵᠢᠭᠤᠯᠵᠤ᠂ ᠪᠦᠬᠦ ᠤᠯᠤᠰ ᠤᠨ ᠮᠢᠬᠠᠨ ᠤ ᠦᠬᠡᠷ ᠬᠤᠨᠢ ᠶᠢᠨ ᠡᠬᠦᠯᠳᠡᠷ ᠢ ᠬᠠᠮᠤᠭ ᠤᠨ ᠣᠯᠠᠨ ᠪᠤᠶᠢᠵᠢᠭᠤᠯᠤᠭᠰᠠᠨ ᠮᠣᠵᠢ ᠣᠷᠣᠨ ᠪᠣᠯᠵᠠᠢ᠃ ᠮᠠᠨ ᠤ ᠤᠷᠤᠨ ᠳᠤ 11 ᠤᠯᠤᠰ ᠤᠨ ᠳᠡᠰ ᠤᠨ ᠮᠠᠯ ᠵᠢᠭᠦᠷᠲᠡᠨ ᠤ ᠦᠷ᠎ᠡ ᠶᠢᠨ ᠬᠠᠮᠠᠭᠠᠯᠠᠯᠳᠠ ᠶᠢᠨ ᠲᠠᠯᠠᠪᠠᠢ ᠲᠠᠢ ᠪᠣᠯᠵᠤ᠂ ᠲᠤᠭ᠎ᠠ ᠬᠡᠮᠵᠢᠶ᠎ᠡ ᠪᠠᠷ ᠪᠦᠬᠦ ᠤᠯᠤᠰ ᠤᠨ ᠳᠥᠷᠪᠡᠳᠦᠭᠡᠷ ᠲᠤ ᠣᠷᠣᠵᠤ ᠪᠤᠢ᠃       ᠮᠠᠨ ᠤ ᠤᠷᠤᠨ ᠨᠢᠭᠡᠨᠲᠡ ᠵᠢᠯ ᠳᠤ ᠴᠢᠨᠠᠷ ᠰᠠᠶᠢᠳᠠᠢ 800 ᠲᠦᠮᠡᠨ ᠰᠢᠷᠭᠡᠭ ᠮᠢᠬᠠᠨ ᠤ ᠦᠬᠡᠷ ᠤᠨ ᠢᠴᠡᠭᠡᠯ ᠦᠷ᠎ᠡ ᠪᠠ 200 ᠲᠦᠮᠡᠨ ᠰᠢᠷᠭᠡᠭ ᠰᠠᠭᠠᠯᠢ ᠶᠢᠨ ᠦᠨᠢᠶ᠎ᠡ ᠶᠢᠨ ᠢᠴᠡᠭᠡᠯ ᠦᠷ᠎ᠡ ᠬᠠᠩᠭᠠᠬᠤ ᠦᠢᠯᠡᠳᠪᠦᠷᠢᠯᠡᠯ ᠤᠨ ᠴᠢᠳᠠᠪᠤᠷᠢ ᠶᠢ ᠲᠣᠭᠲᠠᠭᠤᠨ ᠢᠶᠠᠷ ᠪᠦᠷᠢᠯᠳᠦᠭᠦᠯᠵᠦ᠂ ᠣᠷᠣᠨ ᠤ ᠳᠣᠲᠣᠷᠠᠬᠢ ᠬᠡᠷᠡᠭᠴᠡᠭᠡ ᠱᠠᠭᠠᠷᠳᠠᠯᠭ᠎ᠠ ᠶᠢ ᠪᠦᠷᠢᠮᠦᠰᠤᠨ ᠬᠠᠩᠭᠠᠵᠤ ᠳᠡᠶᠢᠯᠬᠦ ᠪᠠᠷ ᠪᠠᠷᠠᠬᠤ ᠥᠬᠡᠢ ᠪᠠᠰᠠ ᠣᠷᠣᠨ ᠤ ᠭᠠᠳᠠᠨ᠎ᠠ ᠬᠠᠩᠭᠠᠨ ᠦᠭᠴᠦ ᠪᠠᠶᠢᠨ᠎ᠠ᠃
ᠢᠷᠡᠯᠲᠡ᠄ ᠲᠠᠯᠠᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ