ᠬᠥᠬᠡᠬᠤᠲᠠ ᠠᠴᠠ ᠪᠡᠭᠡᠵᠢᠩ ᠬᠦᠷᠬᠦ ᠳᠤ 1 ᠴᠠᠭ 59 ᠮᠢᠨᠦ᠋ᠲ ᠯᠡ ᠠᠶᠠᠯᠠᠨ᠎ᠠ
ᠨᠡᠶᠢᠲᠡᠯᠡᠭᠰᠡᠨ ᠴᠠᠭ᠄
2023/10/9
       ᠡᠷᠬᠢᠮ ᠲᠠ ᠪᠦᠬᠦᠨ ᠳᠤ ᠬᠥᠬᠡᠬᠤᠲᠠ ᠠᠴᠠ ᠪᠡᠭᠡᠵᠢᠩ ᠬᠦᠷᠬᠦ ᠳᠤ ᠬᠤᠷᠳᠤᠨ ᠭᠠᠯᠲᠤ ᠲᠡᠷᠭᠡ ᠪᠠᠷ 1 ᠴᠠᠭ 59 ᠮᠢᠨᠦ᠋ᠲ ᠯᠡ ᠠᠶᠠᠯᠠᠬᠤ ᠪᠣᠯᠣᠯ᠎ᠠ ᠭᠡᠰᠡᠨ ᠪᠠᠶᠠᠷᠲᠤ ᠮᠡᠳᠡᠭᠡ ᠶᠢ ᠳᠤᠭᠤᠯᠭᠠᠶ᠎ᠠ᠃ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶᠠᠨ ᠤ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠴᠠ ᠣᠶᠢᠯᠠᠭᠠᠭᠰᠠᠨ ᠢᠶᠠᠷ᠂ ᠡᠨᠡ ᠵᠢᠯ ᠤᠨ 10 ᠳ᠋ᠤᠭᠠᠷ ᠰᠠᠷ᠎ᠠ ᠶᠢᠨ 11᠎ ᠤ ᠡᠳᠦᠷ ᠠᠴᠠ ᠡᠬᠢᠯᠡᠨ᠂ ᠲᠡᠮᠦᠷ ᠵᠠᠮ ᠤᠨ ᠰᠠᠯᠠᠭ᠎ᠠ ᠮᠥᠴᠢᠷ ᠤᠨ ᠬᠢᠨ ᠠᠶᠠᠯᠠᠯ ᠤᠨ ᠰᠢᠨ᠎ᠡ ᠴᠠᠭ ᠤᠨ ᠬᠤᠪᠢᠶᠠᠷᠢ ᠶᠢ ᠬᠡᠷᠡᠭᠵᠢᠭᠦᠯᠬᠦ ᠶᠢ ᠳᠠᠭᠠᠯᠳᠤᠨ᠂ ᠬᠥᠬᠡᠬᠤᠲᠠ ᠠᠴᠠ ᠪᠡᠭᠡᠵᠢᠩ ᠬᠦᠷᠬᠦ ᠳᠤ ᠬᠤᠷᠳᠤᠨ ᠭᠠᠯᠲᠤ ᠲᠡᠷᠭᠡ ᠪᠠᠷ 1 ᠴᠠᠭ 59 ᠮᠢᠨᠦ᠋ᠲ ᠯᠡ ᠠᠶᠠᠯᠠᠬᠤ ᠪᠣᠯᠣᠨ᠎ᠠ᠃       ᠡᠭᠦᠨ ᠳᠤ᠂ ᠬᠥᠬᠡᠬᠤᠲᠠ ᠶᠢᠨ ᠵᠡᠭᠦᠨ ᠥᠷᠲᠡᠭᠡᠨ ᠠᠴᠠ ᠪᠡᠭᠡᠵᠢᠩ ᠬᠦᠷᠬᠦ G2462 ᠨᠣᠮᠧᠷᠲᠤ ᠬᠤᠷᠳᠤᠨ ᠭᠠᠯᠲᠤ ᠲᠡᠷᠭᠡ ᠨᠢ ᠬᠥᠬᠡᠬᠤᠲᠠ ᠶᠢᠨ ᠵᠡᠭᠦᠨ ᠥᠷᠲᠡᠭᠡ ᠠᠴᠠ ᠮᠣᠷᠳᠠᠵᠤ ᠪᠡᠭᠡᠵᠢᠩ ᠤᠨ ᠴᠢᠩ ᠾᠧ ᠥᠷᠲᠡᠭᠡᠨ ᠳᠤ ᠰᠢᠭᠤᠳ ᠬᠦᠷᠬᠦ ᠳᠡᠭᠡᠨ 1 ᠴᠠᠭ 59 ᠮᠢᠨᠦ᠋ᠲ ᠯᠡ ᠠᠶᠠᠯᠠᠨ᠎ᠠ᠃ ᠡᠨᠡᠬᠦ ︽ᠬᠤᠶᠠᠷ ᠴᠠᠭ ᠤᠨ ᠵᠠᠮ ᠬᠠᠷᠢᠯᠴᠠᠭᠠᠨ ᠤ ᠲᠣᠭᠤᠷᠢᠭ︾᠎ ᠨᠢ ᠣᠯᠠᠨ ᠲᠦᠮᠡᠨ ᠤ ᠶᠠᠪᠤᠵᠤ ᠰᠠᠭᠤᠬᠤ ᠳᠤ ᠶᠡᠬᠡᠬᠡᠨ ᠲᠥᠬᠦᠮ ᠦᠵᠡᠭᠦᠯᠬᠦ ᠶᠢᠨ ᠬᠠᠮᠲᠤ ᠥᠪᠥᠷ ᠮᠣᠩᠭᠤᠯ ᠤᠨ ᠳᠤᠮᠳᠠ ᠪᠠᠷᠠᠭᠤᠨ ᠪᠡᠶ᠎ᠡ ᠪᠣᠯᠣᠨ ᠪᠡᠭᠡᠵᠢᠩ ᠲᠢᠶᠠᠨᠵᠢᠨ ᠾᠧᠪᠧᠢ ᠶᠢᠨ ᠪᠦᠰᠡ ᠨᠤᠲᠤᠭ ᠤᠨ ᠠᠵᠤ ᠠᠬᠤᠢ ᠶᠢᠨ ᠵᠣᠬᠢᠴᠠᠩᠭᠤᠢ ᠬᠥᠭᠵᠢᠯᠲᠡ ᠶᠢ ᠴᠢᠨᠠᠭᠰᠢᠳᠠ ᠡᠷᠴᠢᠮᠲᠡᠢ ᠠᠬᠢᠭᠤᠯᠬᠤ ᠪᠣᠯᠣᠨ᠎ᠠ᠃
ᠢᠷᠡᠯᠲᠡ᠄ ᠲᠠᠯᠠᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ