ᠬᠥᠬᠡᠬᠤᠲᠠ ᠪᠡᠭᠡᠵᠢᠩ ᠤᠨ ᠬᠤᠭᠤᠷᠣᠨᠳᠤ 10 ᠴᠤᠪᠤᠭ᠎ᠠ ᠬᠤᠷᠳᠤᠨ ᠤ ᠭᠠᠯᠲᠤ ᠲᠡᠷᠭᠡ ᠨᠡᠮᠡᠵᠦ ᠲᠣᠬᠢᠷᠠᠭᠤᠯᠤᠯ᠎ᠠ
ᠨᠡᠶᠢᠲᠡᠯᠡᠭᠰᠡᠨ ᠴᠠᠭ᠄
2023/11/12
      ᠪᠡᠭᠡᠵᠢᠩ ᠳᠤ ᠣᠴᠢᠬᠤ ᠠᠶᠠᠨᠴᠢᠳ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ 10 ᠳ᠋ᠤᠭᠠᠷ ᠰᠠᠷ᠎ᠠ ᠶᠢᠨ 25᠎ ᠤ ᠡᠳᠦᠷ ᠠᠴᠠ ᠬᠥᠬᠡᠬᠤᠲᠠ ᠪᠡᠭᠡᠵᠢᠩ ᠤᠨ ᠬᠤᠭᠤᠷᠣᠨᠳᠤ ᠡᠳᠦᠷ ᠪᠣᠯᠭᠠᠨ 10 ᠴᠤᠪᠤᠭ᠎ᠠ ᠬᠤᠷᠳᠤᠨ ᠤ ᠭᠠᠯᠲᠤ ᠲᠡᠷᠭᠡ ᠨᠡᠮᠡᠵᠦ ᠲᠣᠬᠢᠷᠠᠭᠤᠯᠤᠭᠰᠠᠨ ᠪᠠᠶᠢᠨ᠎ᠠ᠃ ᠡᠭᠦᠨ ᠳᠤ ᠬᠥᠬᠡᠬᠤᠲᠠ ᠶᠢᠨ ᠵᠡᠭᠦᠨ ᠥᠷᠲᠡᠭᠡᠨ ᠠᠴᠠ ᠴᠢᠩ ᠡᠾᠧ ᠥᠷᠲᠡᠭᠡ ᠬᠦᠷᠬᠦ 8 ᠴᠤᠪᠤᠭ᠎ᠠ ᠬᠤᠷᠳᠤᠨ ᠤ ᠭᠠᠯᠲᠤ ᠲᠡᠷᠭᠡ᠂ ᠬᠥᠬᠡᠬᠤᠲᠠ ᠶᠢᠨ ᠵᠡᠭᠦᠨ ᠥᠷᠲᠡᠭᠡᠨ ᠠᠴᠠ ᠪᠡᠭᠡᠵᠢᠩ ᠤᠨ ᠬᠤᠶᠢᠲᠤ ᠥᠷᠲᠡᠭᠡ ᠬᠦᠷᠬᠦ 2 ᠴᠤᠪᠤᠭ᠎ᠠ ᠬᠤᠷᠳᠤᠨ ᠤ ᠭᠠᠯᠲᠤ ᠲᠡᠷᠭᠡ ᠨᠡᠮᠡᠵᠦ ᠲᠣᠬᠢᠷᠠᠭᠤᠯᠤᠨ᠂ ᠡᠳᠦᠷ ᠪᠦᠷᠢ 6000 ᠠᠶᠠᠨᠴᠢᠨ ᠢᠯᠡᠭᠦᠦ ᠵᠥᠭᠡᠭᠡᠪᠦᠷᠢᠯᠡᠬᠦ ᠪᠣᠯᠣᠭᠰᠠᠨ ᠪᠠᠶᠢᠨ᠎ᠠ᠃
ᠢᠷᠡᠯᠲᠡ᠄ ᠲᠠᠯᠠᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ