︽ᠬᠢᠳᠠᠳ ᠡᠮ ᠡᠮᠨᠡᠯᠬᠡ ᠶᠢᠨ ᠪᠠᠷᠢᠮᠵᠢᠶᠠᠵᠢᠬᠰᠠᠨ ᠬᠠᠮᠢᠶᠠᠷᠤᠯᠳᠠ ᠶᠢᠨ ᠠᠷᠭ᠎ᠠ︾᠎ ᠶᠢ ᠲᠤᠭᠳᠠᠭᠠᠪᠠ
ᠨᠡᠶᠢᠲᠡᠯᠡᠭᠰᠡᠨ ᠴᠠᠭ᠄
2023/11/12
      ᠲᠦᠷᠦᠭᠦᠬᠡᠨ᠂ ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ︽ᠬᠢᠲᠠᠳ ᠡᠮ ᠡᠮᠨᠡᠯᠭᠡ ᠶᠢᠨ ᠪᠠᠷᠢᠮᠵᠢᠶᠠᠵᠢᠬᠰᠠᠨ ᠬᠠᠮᠢᠶᠠᠷᠤᠯᠲᠠ ᠶᠢᠨ ᠠᠷᠭ᠎ᠠ︾ ︵ᠳᠣᠤᠷ᠎ᠠ ︽ᠠᠷᠭ᠎ᠠ︾ ᠭᠡᠵᠦ ᠲᠣᠪᠴᠢᠯᠠᠨ᠎ᠠ︶᠎ ᠶᠢ ᠳᠠᠷᠤᠮᠠᠯᠯᠠᠨ ᠲᠠᠷᠬᠠᠭᠠᠵᠤ᠂ ᠬᠢᠲᠠᠳ ᠡᠮ ᠡᠮᠨᠡᠯᠭᠡ ᠶᠢᠨ ᠪᠠᠷᠢᠮᠵᠢᠶᠠᠵᠢᠭᠤᠯᠤᠯᠳᠠ ᠶᠢᠨ ᠠᠵᠢᠯ ᠢ ᠴᠢᠩᠭᠠᠳᠬᠠᠨ᠂ ᠬᠢᠲᠠᠳ ᠡᠮ ᠡᠮᠨᠡᠯᠭᠡ ᠶᠢᠨ ᠪᠠᠷᠢᠮᠵᠢᠶᠠᠵᠢᠬᠰᠠᠨ ᠬᠠᠮᠢᠶᠠᠷᠤᠯᠲᠠ ᠶᠢ ᠵᠢᠷᠤᠮᠵᠢᠭᠤᠯᠵᠤ᠂ ᠬᠢᠲᠠᠳ ᠡᠮ ᠡᠮᠨᠡᠯᠭᠡ ᠶᠢᠨ ᠪᠠᠷᠢᠮᠵᠢᠶᠠᠵᠢᠬᠰᠠᠨ ᠴᠢᠨᠠᠷ ᠰᠠᠶᠢᠲᠠᠢ ᠬᠥᠭᠵᠢᠯᠳᠠ ᠶᠢ ᠠᠬᠢᠭᠤᠯᠬᠤ ᠪᠠᠷ ᠪᠠᠶᠢᠨ᠎ᠠ᠃ ︽ᠠᠷᠭ᠎ᠠ︾᠎ ᠨᠢ ᠵᠢᠷᠭᠤᠭᠠᠨ ᠪᠦᠯᠦᠭ᠂ 31 ᠵᠤᠷᠪᠤᠰ ᠪᠤᠢ᠃       ᠲᠥᠯᠥᠪᠯᠡᠭᠡ ᠠᠴᠠ ᠲᠦᠷᠦᠯ ᠵᠦᠢᠯ ᠪᠤᠯᠭᠠᠬᠤ᠂ ᠲᠤᠭᠤᠷᠪᠢᠬᠤ ᠪᠠ ᠰᠠᠨᠠᠯ ᠬᠤᠷᠢᠶᠠᠬᠤ᠂ ᠬᠡᠷᠡᠭᠵᠢᠭᠦᠯᠬᠦ᠂ ᠬᠢᠨᠠᠯᠲᠠ ᠲᠠᠯᠪᠢᠬᠤ ᠪᠠ ᠦᠨᠡᠯᠡᠨ ᠵᠢᠱᠢᠬᠦ ᠵᠡᠷᠭᠡ ᠲᠠᠯ᠎ᠠ ᠪᠠᠷ ᠬᠢᠲᠠᠳ ᠡᠮ ᠡᠮᠨᠡᠯᠭᠡ ᠶᠢᠨ ᠪᠠᠷᠢᠮᠵᠢᠶᠠᠵᠢᠬᠰᠠᠨ ᠬᠠᠮᠢᠶᠠᠷᠤᠯᠲᠠ ᠶᠢᠨ ᠬᠤᠯᠪᠤᠬᠳᠠᠯ ᠪᠦᠬᠦᠢ ᠱᠠᠭᠠᠷᠳᠠᠯᠭ᠎ᠠ ᠶᠢ ᠲᠣᠳᠣᠷᠬᠠᠶᠢᠯᠠᠬᠤ ᠶᠢᠨ ᠬᠠᠮᠳᠤ ᠬᠢᠲᠠᠳ ᠡᠮ ᠡᠮᠨᠡᠯᠭᠡ ᠶᠢᠨ ᠪᠠᠷᠢᠮᠵᠢᠶ᠎ᠠ ᠶᠢ ᠲᠣᠭᠲᠠᠭᠠᠬᠤ ᠳᠠᠭᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠤ ᠦᠷ᠎ᠡ ᠪᠦᠲᠦᠭᠡᠯ ᠪᠠ ᠨᠡᠶᠢᠭᠡᠮ ᠤᠨ ᠦᠢᠯᠡᠳᠦᠯᠭᠡ ᠶᠢᠨ ᠲᠤᠷᠰᠢᠯᠭ᠎ᠠ ᠶᠢᠨ ᠰᠠᠭᠤᠷᠢᠨ ᠳᠡᠭᠡᠷ᠎ᠡ ᠭᠦᠨᠵᠡᠭᠡᠢ ᠪᠠᠶᠢᠴᠠᠭᠠᠨ ᠨᠤᠲᠠᠯᠠᠯᠳᠠ ᠬᠢᠵᠦ᠂ ᠥᠷᠭᠡᠨ ᠢᠶᠠᠷ ᠰᠠᠨᠠᠯ ᠬᠤᠷᠢᠶᠠᠵᠤ᠂ ᠪᠠᠷᠢᠮᠵᠢᠶ᠎ᠠ ᠶᠢᠨ ᠰᠢᠨᠵᠢᠯᠡᠬᠦ ᠤᠬᠠᠭᠠᠨᠴᠢ ᠴᠢᠨᠠᠷ᠂ ᠲᠦᠷᠢᠮᠵᠢᠯᠳᠤ ᠴᠢᠨᠠᠷ᠂ ᠬᠤᠭᠤᠴᠠᠭᠠᠲᠤ ᠴᠢᠨᠠᠷ᠂ ᠵᠣᠬᠢᠴᠠᠩᠭᠤᠢ ᠴᠢᠨᠠᠷ ᠢ ᠪᠠᠲᠤᠯᠠᠵᠤ᠂ ᠬᠢᠲᠠᠳ ᠡᠮ ᠡᠮᠨᠡᠯᠭᠡ ᠶᠢᠨ ᠪᠠᠷᠢᠮᠵᠢᠶ᠎ᠠ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠬᠰᠠᠨ ᠪᠠᠶᠢᠨ᠎ᠠ᠃       ︽ᠠᠷᠭ᠎ᠠ︾᠎ ᠳᠤ ᠳᠤᠷᠠᠳᠬᠤ ᠳᠠᠭᠠᠨ᠂ ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠬᠢᠲᠠᠳ ᠡᠮ ᠡᠮᠨᠡᠯᠭᠡ ᠶᠢᠨ ᠪᠠᠷᠢᠮᠵᠢᠶ᠎ᠠ ᠶᠢᠨ ᠵᠥᠪᠯᠡᠯᠭᠡ ᠥᠭᠬᠦ ᠲᠤᠰᠬᠠᠢ ᠮᠡᠷᠭᠡᠵᠢᠯᠲᠡᠨ ᠤ ᠬᠥᠮᠥᠷᠭᠡ ᠶᠢ ᠪᠠᠶᠢᠭᠤᠯᠵᠤ᠂ ᠬᠠᠷᠢᠶᠠᠨ ᠳᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠳ ᠢ ᠪᠦᠷᠢᠯᠳᠦᠬᠦᠯᠵᠦ᠂ ᠪᠠᠷᠢᠮᠵᠢᠶᠠᠵᠢᠭᠤᠯᠤᠯᠳᠠ ᠶᠢᠨ ᠡᠵᠢᠯ ᠤᠨ ᠠᠯᠪᠠᠨ ᠭᠡᠷ ᠠᠴᠠ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠵᠤ ᠬᠢᠲᠠᠳ ᠡᠮ ᠡᠮᠨᠡᠯᠭᠡ ᠶᠢᠨ ᠪᠠᠷᠢᠮᠵᠢᠶ᠎ᠠ ᠶᠢ ᠬᠢᠨᠠᠨ ᠬᠠᠷᠭᠤᠭᠤᠯᠬᠤ ᠠᠵᠢᠯ ᠢ ᠦᠷᠨᠢᠬᠦᠯᠬᠦ ᠶᠢ ᠬᠠᠷᠢᠭᠤᠴᠠᠨ᠎ᠠ᠃ ᠬᠢᠲᠠᠳ ᠡᠮ ᠡᠮᠨᠡᠯᠭᠡ ᠶᠢᠨ ᠠᠵᠢᠯ ᠲᠦᠷᠦᠯ ᠤᠨ ᠪᠠᠷᠢᠮᠵᠢᠶᠠᠨ ᠤ ᠤᠷᠤᠯᠠᠬᠤ ᠲᠡᠮᠳᠡᠭ ᠨᠢ ︽ZY︾᠂ ᠳ᠋ᠤᠭᠠᠷ ᠨᠢ ᠠᠵᠢᠯ ᠲᠦᠷᠦᠯ ᠤᠨ ᠪᠠᠷᠢᠮᠵᠢᠶᠠᠨ ᠤ ᠣᠷᠣᠯᠠᠬᠤ ᠲᠡᠮᠳᠡᠭ ᠳᠡᠭᠡᠷ᠎ᠡ ︽/ T︾᠎ ᠶᠢ ᠨᠡᠮᠡᠨ᠎ᠠ᠂ ᠡᠨᠡ ᠨᠢ ᠳᠡᠰ ᠲᠠᠷᠠᠭᠠᠯᠠᠯ ᠤᠨ ᠳ᠋ᠤᠭᠠᠷ ᠪᠠ ᠵᠢᠯ ᠤᠨ ᠳ᠋ᠤᠭᠠᠷ ᠢᠶᠠᠷ ᠪᠦᠷᠢᠯᠳᠦᠵᠦ᠂ ᠳᠡᠰ ᠲᠠᠷᠠᠭᠠᠯᠠᠯ ᠤᠨ ᠳ᠋ᠤᠭᠠᠷ ᠨᠢ ᠪᠠᠶᠢᠭᠠᠯᠢ ᠲᠤᠭ᠎ᠠ ᠶᠤᠮ᠃ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠨᠡᠶᠢᠭᠡᠮ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠵᠣᠬᠢᠶᠠᠨ ᠪᠠᠶᠢᠭᠤᠯᠤᠯᠲᠠ ᠵᠢᠴᠢ ᠠᠷᠠᠳ ᠢᠷᠭᠡᠳ ᠤᠨ ᠬᠢᠲᠠᠳ ᠡᠮ ᠡᠮᠨᠡᠯᠭᠡ ᠶᠢᠨ ᠪᠠᠷᠢᠮᠵᠢᠶ᠎ᠠ ᠲᠣᠭᠲᠠᠭᠠᠬᠤ ᠪᠠ ᠵᠠᠰᠠᠪᠤᠷᠢ ᠣᠷᠣᠭᠤᠯᠬᠤ ᠲᠥᠯᠥᠪᠯᠡᠭᠡ ᠳᠤ ᠢᠳᠡᠪᠬᠢᠲᠡᠢ ᠪᠠᠷ ᠰᠠᠨᠠᠭᠤᠯᠭ᠎ᠠ ᠭᠠᠷᠭᠠᠬᠤ ᠶᠢ ᠵᠣᠷᠢᠭᠵᠢᠭᠤᠯᠤᠨ᠎ᠠ᠃ ︽ᠠᠷᠭ᠎ᠠ︾᠎ ᠳᠤ ᠵᠢᠭᠠᠵᠤ ᠭᠠᠷᠭᠠᠬᠤ ᠳᠠᠭᠠᠨ᠂ ᠨᠡᠶᠢᠲᠡᠯᠡᠭᠰᠡᠨ ᠬᠢᠲᠠᠳ ᠡᠮ ᠡᠮᠨᠡᠯᠭᠡ ᠶᠢᠨ ᠪᠠᠷᠢᠮᠵᠢᠶ᠎ᠠ ᠨᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠳᠤ ᠬᠠᠷᠢᠶᠠᠯᠠᠭᠳᠠᠬᠤ ᠮᠦᠷᠳᠡᠬᠡᠨ ᠭᠤᠣᠯ ᠲᠤᠭᠤᠷᠪᠢᠭᠴᠢ ᠶᠢᠨ ᠲᠤᠰᠬᠠᠢ ᠮᠡᠷᠭᠡᠵᠢᠯ ᠤᠨ ᠬᠢᠷᠢ ᠬᠡᠮ ᠢ ᠬᠢᠨᠠᠨ ᠲᠣᠭᠲᠠᠭᠠᠬᠤ ᠦᠨᠳᠦᠰᠦᠯᠡᠯ ᠪᠣᠯᠭᠠᠨ᠎ᠠ᠃      ᠬᠢᠲᠠᠳ ᠡᠮ ᠡᠮᠨᠡᠯᠭᠡ ᠶᠢᠨ ᠪᠠᠷᠢᠮᠵᠢᠶ᠎ᠠ ᠶᠢ ᠡᠯ᠎ᠡ ᠱᠠᠲᠤᠨ ᠤ ᠱᠠᠩᠨᠠᠯ ᠤᠨ ᠲᠦᠷᠦᠯ ᠢ ᠰᠢᠯᠭᠠᠷᠠᠭᠤᠯᠬᠤ ᠬᠡᠪᠴᠢᠶᠡᠨ ᠳᠤ ᠤᠷᠤᠭᠤᠯᠬᠤ ᠶᠢ ᠵᠤᠷᠢᠭᠵᠢᠭᠤᠯᠤᠨ᠎ᠠ᠃ ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠬᠢᠲᠠᠳ ᠡᠮ ᠡᠮᠨᠡᠯᠭᠡ ᠶᠢᠨ ᠪᠠᠷᠢᠮᠵᠢᠶᠠᠵᠢᠭᠤᠯᠬᠤ ᠬᠡᠷᠡᠭᠴᠡᠭᠡ ᠶᠢ ᠦᠨᠳᠦᠰᠦᠯᠡᠨ ᠪᠠᠷᠢᠮᠵᠢᠶᠠᠵᠢᠭᠤᠯᠬᠤ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠵᠦ᠂ ᠪᠠᠷᠢᠮᠵᠢᠶᠠᠵᠢᠭᠤᠯᠬᠤ ᠣᠶᠢᠯᠠᠭᠠᠭᠳᠠᠬᠤᠨ ᠢ ᠤᠯᠠᠮᠵᠢᠯᠠᠵᠤ᠂ ᠪᠠᠷᠢᠮᠵᠢᠶᠠᠵᠢᠭᠤᠯᠬᠤ ᠲᠤᠷᠰᠢᠯᠭ᠎ᠠ ᠶᠢ ᠲᠦᠬᠡᠮᠡᠯᠵᠢᠬᠦᠯᠬᠦ ᠬᠡᠷᠡᠭᠳᠡᠢ ᠬᠡᠪᠡ᠃
ᠢᠷᠡᠯᠲᠡ᠄ ᠲᠠᠯᠠᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ