︽ᠡᠵᠡᠨ ᠬᠤᠷᠤᠭ᠎ᠠ ᠬᠤᠰᠢᠭᠤᠨ ᠤ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠲᠤᠬᠠᠢ ᠬᠡᠷᠡᠭᠵᠢᠭᠦᠯᠬᠦ ᠲᠥᠰᠥᠯ︾᠎ ᠤᠨ ᠲᠠᠶᠢᠯᠤᠮᠵᠢ
ᠨᠡᠶᠢᠲᠡᠯᠡᠭᠰᠡᠨ ᠴᠠᠭ᠄
2023/11/14
      ᠪᠦᠬᠦ ᠬᠤᠰᠢᠭᠤᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠢ ᠠᠬᠢᠭᠤᠯᠤᠨ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠴᠢᠨᠠᠷ ᠰᠠᠶᠢᠲᠠᠢ ᠪᠦᠲᠦᠭᠡᠨ ᠪᠠᠶᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠪᠠ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠩᠭᠠᠯᠭ᠎ᠠ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠶᠢᠨ ᠲᠦᠯᠦᠬᠡ᠂ ︽︿ᠣᠷᠳᠣᠰ ᠬᠤᠲᠠ ᠶᠢᠨ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠪᠣᠳᠠᠲᠠᠢ ᠠᠷᠭ᠎ᠠ ᠬᠡᠮᠵᠢᠶ᠎ᠡ︾᠎ ᠶᠢ ᠳᠠᠷᠤᠮᠠᠯᠯᠠᠨ ᠶᠠᠪᠤᠭᠤᠯᠬᠤ ᠲᠤᠬᠠᠢ ᠣᠷᠳᠣᠰ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠣᠷᠳᠣᠰ ᠨᠠᠮ ᠲᠠᠷᠬᠠᠭᠠᠭᠰᠠᠨ ﹇2022﹈ 30 ᠳ᠋ᠤᠭᠠᠷ ᠲᠣᠭᠠᠲᠤ︶᠎ ᠤᠨ ᠵᠣᠷᠢᠭ ᠰᠠᠨᠠᠭ᠎ᠠ ᠶᠢ ᠦᠨᠳᠦᠰᠦᠯᠡᠨ᠂ ᠡᠵᠡᠨ ᠬᠤᠷᠤᠭ᠎ᠠ ᠬᠤᠰᠢᠭᠤᠨ ᠤ ᠪᠣᠳᠠᠲᠠᠢ ᠲᠠᠢ ᠤᠶᠠᠯᠳᠤᠭᠤᠯᠵᠤ᠂ ᠲᠣᠰ ᠲᠥᠰᠥᠯ ᠢ ᠲᠣᠭᠲᠠᠭᠠᠪᠠ       ᠲᠥᠰᠥᠯ ᠨᠢ ᠨᠡᠶᠢᠳᠡ ᠲᠦᠷᠪᠡᠨ ᠬᠡᠰᠡᠭ ᠢᠶᠠᠷ ᠪᠦᠷᠢᠯᠳᠦᠵᠦ᠂ ᠨᠢᠭᠡᠳᠦᠭᠡᠷ ᠬᠡᠰᠡᠭ ᠶᠡᠷᠦᠩᠬᠡᠢ ᠱᠠᠭᠠᠷᠳᠠᠯᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾᠎ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾᠎ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠢ ᠲᠡᠷᠢᠭᠦᠨ ᠳᠤ ᠬᠥᠭᠵᠢᠭᠦᠯᠬᠦ ᠶᠢ ᠪᠠᠷᠢᠮᠲᠠᠯᠠᠨ᠂ ᠠᠮᠤ ᠪᠤᠳᠠᠭᠠᠨ ᠤ ᠠᠮᠤᠷ ᠲᠦᠪᠰᠢᠨ ᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠵᠢᠷᠤᠮᠯᠠᠨ᠂ ᠠᠵᠤ ᠦᠢᠯᠡᠰ ᠢ ᠬᠥᠭᠵᠢᠭᠦᠯᠬᠦ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ᠎ᠡ᠃       ᠬᠤᠶᠠᠳᠤᠭᠠᠷ ᠬᠡᠰᠡᠭ ᠭᠤᠣᠯ ᠬᠠᠷᠠᠯᠲᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠡᠨᠡ ᠬᠦ ᠭᠤᠣᠯ ᠬᠠᠷᠠᠯᠲᠠ ᠶᠢᠨ ᠲᠣᠭᠤᠷᠢᠨ ᠳᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠪᠠᠷ ᠬᠥᠭᠵᠢᠭᠦᠯᠬᠦ ᠶᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠨ᠂ ᠨᠢᠭᠡᠳᠦᠭᠡᠷ ᠠᠵᠤ ᠦᠢᠯᠡᠰ ᠢ ᠳᠠᠬᠢᠨ ᠱᠤᠭᠤᠬᠤ ᠲᠥᠯᠥᠪᠯᠡᠭᠡ ᠶᠢ ᠪᠥᠬᠦ ᠲᠠᠯ᠎ᠠ ᠪᠠᠷ ᠠᠬᠢᠭᠤᠯᠵᠤ᠂ ︽ᠰᠠᠶᠢᠨ ᠡᠭᠦᠯᠳᠡᠷ᠂ ᠲᠠᠷᠢᠶᠠᠨ ᠭᠠᠵᠠᠷ᠂ ᠠᠵᠤ ᠠᠬᠤᠶᠢᠯᠠᠯ᠂ ᠠᠷᠭ᠎ᠠ ᠪᠣᠳᠣᠯᠭ᠎ᠠ᠂ ᠴᠢᠳᠠᠪᠤᠷᠢᠲᠠᠨ︾ ᠭᠡᠬᠦ ᠲᠠᠪᠤᠨ ᠶᠡᠭᠡ ᠵᠠᠩᠭᠢᠯᠠᠭ᠎ᠠ ᠶᠢ ᠴᠢᠩᠭ᠎ᠠ ᠠᠳᠬᠤᠵᠤ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠪᠥᠬᠦ ᠲᠠᠯ᠎ᠠ ᠪᠠᠷ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠯᠬᠢᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠪᠣᠬᠢᠷᠲᠤᠯ ᠦᠭᠡᠢ᠂ ᠴᠢᠨᠠᠷ ᠰᠠᠶᠢᠲᠠᠢ᠂ ᠳᠡᠭᠡᠳᠦ ᠲᠠᠰ᠂ ᠥᠨᠳᠥᠷ ᠪᠦᠲᠦᠮᠵᠢᠲᠡᠶ ᠬᠥᠭᠵᠢᠯᠲᠡ ᠶᠢ ᠲᠦᠯᠬᠢᠨ ᠠᠬᠢᠭᠤᠯᠤᠨ᠎ᠠ᠃       ᠭᠤᠷᠪᠠᠳᠤᠭᠠᠷ ᠬᠡᠰᠡᠭ ᠭᠤᠣᠯᠳᠠᠯᠭ᠎ᠠ ᠲᠠᠢ ᠡᠭᠦᠷᠭᠡ᠃ ᠡᠭᠦᠨ ᠳᠤ ᠰᠠᠭᠤᠷᠢ ᠲᠥᠬᠦᠭᠡᠷᠦᠮᠵᠢ ᠶᠢᠨ ᠲᠤᠳᠠᠭᠳᠠᠯ ᠢ ᠲᠦᠷᠭᠡᠨ ᠨᠥᠬᠦᠪᠦᠷᠢᠯᠡᠵᠦ᠂ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢᠨ ᠰᠠᠭᠤᠷᠢ ᠶᠢ ᠲᠠᠰᠤᠷᠠᠯᠳᠡ ᠦᠭᠡᠢ ᠪᠠᠲᠤᠳᠬᠠᠬᠤ ᠶᠢ ᠪᠠᠭᠲᠠᠭᠠᠨ᠎ᠠ︔ ᠪᠦᠲᠦᠴᠡ ᠶᠢᠨ ᠲᠣᠬᠢᠷᠠᠭᠤᠯᠤᠯᠲᠠ ᠶᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ᠴᠢᠬᠤᠯᠠ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠰᠢᠰᠲ᠋ᠧᠮ ᠢ ᠴᠢᠨᠠᠷ ᠰᠠᠶᠢᠲᠠᠢ ᠪᠠᠶᠢᠭᠤᠯᠤᠨ᠎ᠠ︔ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠠᠵᠤ ᠦᠢᠯᠡᠰ ᠤᠨ ᠠᠭᠤᠰᠤᠯᠴᠠᠨ ᠬᠥᠭᠵᠢᠬᠦ ᠰᠢᠰᠲ᠋ᠧᠮ ᠢ ᠴᠢᠨᠠᠷ ᠰᠠᠶᠢᠲᠠᠢ ᠪᠠᠶᠢᠭᠤᠯᠤᠨ᠎ᠠ︔ ᠰᠢᠨ᠎ᠡ ᠶᠢ ᠡᠭᠦᠳᠬᠦ ᠬᠦᠳᠡᠯᠬᠡᠬᠦᠷ ᠢ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠪᠠ ᠲᠣᠨᠤᠭ ᠲᠥᠬᠦᠭᠡᠷᠦᠮᠵᠢ ᠶᠢᠨ ᠲᠤᠯᠭᠠᠭᠤᠷᠢᠯᠠᠬᠤ ᠰᠢᠰᠲ᠋ᠧᠮᠵᠢ ᠶᠢ ᠴᠢᠨᠠᠷ ᠰᠠᠶᠢᠲᠠᠢ ᠪᠠᠶᠢᠭᠤᠯᠤᠨ᠎ᠠ︔ ᠥᠭᠡᠷᠡᠴᠢᠯᠡᠯᠲᠡ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠰᠢᠰᠲ᠋ᠧᠮᠵᠢ ᠶᠢ ᠴᠢᠨᠠᠷ ᠰᠠᠶᠢᠲᠠᠢ ᠪᠠᠶᠢᠭᠤᠯᠬᠤ 5 ᠲᠠᠯ᠎ᠠ ᠶᠢᠨ ᠪᠣᠳᠠᠲᠠᠢ ᠠᠭᠤᠯᠭ᠎ᠠ ᠪᠣᠯᠣᠨ᠎ᠠ᠃       ᠳᠥᠷᠪᠡᠳᠦᠭᠡᠷ ᠬᠡᠰᠡᠭ ᠪᠠᠲᠤᠯᠠᠭ᠎ᠠ ᠶᠢᠨ ᠠᠷᠭ᠎ᠠ ᠬᠡᠮᠵᠢᠶ᠎ᠡ᠃ ᠡᠭᠦᠨ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠬᠤ᠂ ᠲᠥᠷᠥᠯ ᠵᠦᠢᠯ ᠤᠨ ᠲᠤᠯᠭᠠᠭᠤᠷᠢᠯᠠᠯ ᠢ ᠴᠢᠩᠭᠠᠳᠬᠠᠬᠤ᠂ ᠱᠠᠭᠠᠷᠳᠠᠨ ᠪᠠᠶᠢᠴᠠᠭᠠᠵᠤ ᠰᠢᠯᠭᠠᠨ ᠬᠢᠨᠠᠬᠤ ᠶᠢ ᠴᠢᠩᠭᠠᠳᠬᠠᠬᠤ ᠵᠡᠷᠭᠡ 4 ᠲᠠᠯ᠎ᠠ ᠶᠢᠨ ᠪᠣᠳᠠᠲᠠᠢ ᠠᠭᠤᠯᠭ᠎ᠠ ᠪᠠᠭᠲᠠᠨ᠎ᠠ᠃ 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ