︽ᠡᠵᠡᠨ ᠬᠤᠷᠤᠭ᠎ᠠ ᠬᠤᠰᠢᠭᠤᠨ ᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠠᠮᠢᠶᠠᠷᠤᠯᠲᠠ ᠶᠢᠨ ᠠᠷᠭ᠎ᠠ︾᠎ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/11/17
      ᠮᠠᠨ ᠤ ᠬᠤᠰᠢᠭᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠤᠨ᠂ ᠣᠷᠣᠨ ᠰᠠᠭᠤᠴᠠ ᠶᠢᠨ ᠵᠠᠬ᠎ᠠ ᠳᠡᠯᠭᠡᠭᠦᠷ ᠤᠨ ᠪᠦᠲᠦᠴᠡ ᠶᠢ ᠰᠠᠶᠢᠵᠢᠷᠠᠭᠤᠯᠵᠤ᠂ ᠬᠤᠲᠠ ᠪᠠᠯᠭᠠᠰᠤᠨ ᠤ ᠳᠤᠮᠳᠠ ᠳᠣᠣᠷ᠎ᠠ ᠣᠷᠣᠯᠭ᠎ᠠ ᠲᠠᠢ ᠣᠷᠣᠨ ᠰᠠᠭᠤᠴᠠ ᠶᠢᠨ ᠬᠦᠴᠢᠷᠳᠡᠯ ᠲᠠᠢ ᠭᠡᠷ ᠪᠦᠯᠢ᠂ ᠬᠤᠲᠠ ᠣᠷᠣᠵᠤ ᠬᠥᠯᠥᠰᠦᠨ ᠠᠵᠢᠯ ᠬᠢᠵᠦ ᠪᠠᠶᠢᠭ᠎ᠠ ᠮᠠᠯᠴᠢᠨ ᠲᠠᠷᠢᠶᠠᠴᠢᠨ ᠵᠢᠴᠢ ᠰᠢᠨ᠎ᠡ ᠪᠠᠷ ᠠᠵᠢᠯ ᠣᠯᠣᠭᠰᠠᠨ ᠠᠵᠢᠯᠲᠠᠨ ᠠᠵᠢᠯᠴᠢᠨ ᠪᠠ ᠭᠠᠳᠠᠨ᠎ᠠ ᠠᠴᠠ ᠢᠷᠡᠵᠦ ᠬᠥᠯᠥᠰᠦᠨ ᠠᠵᠢᠯ ᠬᠢᠵᠦ ᠪᠠᠶᠢᠭ᠎ᠠ ᠬᠥᠮᠥᠰ ᠤᠨ ᠦᠨᠳᠦᠰᠦᠨ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠦᠯᠦᠬᠡ᠂ ᠲᠦᠷᠦ ᠎ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ︽ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠠᠮᠢᠶᠠᠷᠤᠯᠲᠠ ᠶᠢᠨ ᠠᠷᠭ᠎ᠠ︾ ︵ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠵᠠᠷᠯᠢᠭ ﹇2012﹈ 11 ᠳ᠋ᠤᠭᠡᠷ ᠲᠣᠭᠠᠲᠤ︶ ︽ᠬᠤᠲᠠ ᠪᠠᠯᠭᠠᠰᠤ ᠶᠢᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ ᠲᠡᠭᠦᠯᠳᠡᠷᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ ᠲᠠᠷᠬᠠᠭᠠᠭᠰᠠᠨ ﹇2013﹈ 70 ᠳ᠋ᠤᠭᠠᠷ ᠲᠣᠭᠠᠲᠤ︶ ᠪᠠ ︽2020 ᠣᠨ ᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠤᠨ ᠭᠤᠣᠯᠳᠠᠯᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ︾ ︵ᠥᠪᠥᠷ ᠪᠦᠲᠦᠭᠡᠨ ᠪᠠᠶᠢᠭᠤᠯᠤᠯᠲᠠ ᠶᠢᠨ ᠪᠠᠲᠤᠯᠠᠭ᠎ᠠ ᠶᠢᠨ ᠵᠠᠬᠢᠳᠠᠯ ﹇2020﹈ 240 ᠳ᠋ᠤᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃ ᠲᠣᠰ ᠠᠷᠭ᠎ᠠ ᠶᠢ ᠡᠵᠡᠨ ᠬᠤᠷᠤᠭ᠎ᠠ ᠬᠤᠰᠢᠭᠤᠨ ᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠬᠤᠪᠢᠶᠠᠷᠢᠯᠠᠯᠲᠠ᠂ ᠡᠵᠡᠩᠨᠡᠯᠲᠡ ᠬᠡᠷᠡᠭᠯᠡᠯᠲᠡ᠂ ᠭᠠᠷᠬᠤ ᠪᠠ ᠬᠠᠮᠢᠶᠠᠷᠤᠯᠲᠠ ᠳᠤ ᠬᠡᠷᠡᠭᠯᠡᠨ᠎ᠡ᠃       ᠲᠥᠯᠥᠪᠵᠢᠭᠦᠯᠦᠨ ᠪᠠᠶᠢᠭᠤᠯᠬᠤ       ︵ᠨᠢᠭᠡ︶ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠪᠠ ᠣᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠰᠠᠯᠠᠭ᠎ᠠ ᠮᠥᠴᠢᠷ ᠠᠴᠠ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ᠂ ᠬᠤᠲᠠ ᠬᠥᠳᠡᠭᠡ ᠶᠢᠨ ᠶᠡᠷᠦᠩᠬᠡᠢ ᠲᠥᠯᠦᠪᠵᠢᠭᠦᠯᠭᠡ᠂ ᠭᠠᠵᠠᠷ ᠰᠢᠷᠣᠢ ᠶᠢᠨ ᠠᠰᠢᠭᠯᠠᠯᠲᠠ ᠶᠢᠨ ᠶᠡᠷᠦᠩᠬᠡᠢ ᠲᠥᠯᠦᠪᠵᠢᠭᠦᠯᠭᠡ᠂ ᠠᠵᠤ ᠦᠢᠯᠡᠰ ᠤᠨ ᠲᠥᠷᠥ ᠶᠢᠨ ᠪᠣᠳᠣᠯᠭ᠎ᠠ᠂ ᠬᠥᠮᠥᠨ ᠠᠮᠠ ᠶᠢᠨ ᠲᠥᠷᠥ ᠶᠢᠨ ᠪᠣᠳᠣᠯᠭ᠎ᠠ ᠵᠢᠴᠢ ᠣᠯᠠᠨ ᠨᠡᠶᠢᠲᠡ ᠶᠢᠨ ᠲᠦᠷᠢᠶᠡᠰᠦᠯᠡᠯ ᠤᠨ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠲᠠᠢ ᠤᠶᠠᠯᠳᠤᠭᠤᠯᠤᠨ ᠨᠠᠶᠢᠷᠠᠭᠤᠯᠵᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃ ︵ᠬᠤᠶᠠᠷ︶ ᠨᠡᠶᠢᠲᠡ ᠶᠢᠨ  ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠲᠥᠪᠯᠡᠷᠡᠭᠦᠯᠦᠨ ᠪᠦᠲᠦᠭᠡᠨ ᠪᠠᠶᠢᠭᠤᠯᠬᠤ ᠪᠠ ᠢᠵᠢ ᠪᠦᠷᠢᠳᠦᠭᠦᠯᠦᠨ ᠪᠦᠲᠦᠭᠡᠨ ᠪᠠᠶᠢᠭᠤᠯᠬᠤ ᠠᠷᠭ᠎ᠠ ᠮᠠᠶ᠋ᠢᠭ ᠢ ᠬᠡᠷᠡᠭᠵᠢᠭᠦᠯᠵᠦ᠂ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠢᠵᠢ ᠪᠦᠷᠢᠨ ᠣᠷᠣᠨ ᠰᠠᠭᠤᠴᠠ ᠪᠤᠶᠤ ᠬᠠᠮᠲᠤ ᠶᠢᠨ ᠪᠠᠶᠢᠷᠢ ᠪᠠᠶᠢᠵᠤ᠂ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠳᠤ ᠭᠤᠣᠯᠳᠠᠭᠤ ᠦᠨᠳᠦᠰᠦᠨ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠲᠠᠩ ᠢᠵᠢ ᠪᠠᠷᠢᠯᠭ᠎ᠠ ᠶᠢᠨ ᠲᠠᠯᠠᠪᠠᠶ ᠶᠢ 60 ᠲᠡᠭᠰᠢ ᠳᠥᠷᠪᠡᠯᠵᠢᠨ ᠮᠧᠲᠷ ᠤᠨ ᠳᠣᠲᠣᠷ᠎ᠠ ᠬᠢᠵᠠᠭᠠᠷᠯᠠᠨ᠎ᠠ᠃ ︵ᠭᠤᠷᠪᠠ︶ ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠯᠡᠬᠡᠨ ᠤ ᠭᠠᠵᠠᠷ ᠲᠤ ᠵᠠᠰᠠᠭ ᠵᠠᠬᠢᠷᠭᠠᠨ ᠢᠶᠠᠷ ᠬᠤᠪᠢᠶᠠᠷᠢᠯᠠᠨ ᠥᠭᠬᠦ ᠶᠢ ᠬᠡᠷᠡᠭᠵᠢᠭᠦᠯᠵᠦ᠂ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠯᠡᠬᠡᠨ ᠤ ᠭᠠᠵᠠᠷ ᠢ ᠵᠢᠯ ᠤᠨ ᠭᠠᠵᠠᠷ ᠰᠢᠷᠣᠢ ᠬᠠᠩᠭᠠᠬᠤ ᠲᠥᠯᠥᠪᠯᠡᠭᠡ ᠳᠤ ᠣᠷᠣᠭᠤᠯᠵᠤ᠂ ᠵᠢᠯ ᠤᠨ ᠬᠡᠷᠡᠭᠯᠡᠬᠡᠨ ᠤ ᠭᠠᠵᠠᠷ ᠤᠨ ᠭᠦᠢᠴᠡᠳᠬᠡᠯ ᠲᠤᠭ᠎ᠠ ᠶᠢ ᠮᠡᠳᠡᠭᠦᠯᠬᠦ ᠳᠡᠭᠡᠨ ᠠᠰ ᠲᠤᠨᠢ ᠵᠢᠭᠰᠠᠭᠠᠵᠤ᠂ ᠭᠤᠣᠯᠳᠠᠯᠭ᠎ᠠ ᠲᠠᠢ ᠪᠠᠷ ᠪᠠᠲᠤᠯᠠᠨ᠎ᠠ᠃       ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠭᠤᠶᠤᠴᠢᠯᠠᠬᠤ ᠨᠥᠬᠦᠴᠡᠯ       ︵ᠨᠢᠭᠡ︶ ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ ᠤᠨ ᠪᠤᠰᠤ ᠡᠷᠦᠬᠡ ᠠᠮᠠ ᠶᠢᠨ ᠲᠠᠩᠰᠠ ᠲᠠᠢ ᠳᠤᠮᠳᠠ ᠳᠣᠣᠷ᠎ᠠ ᠣᠷᠣᠯᠭ᠎ᠠ ᠲᠠᠢ ᠣᠷᠣᠨ ᠰᠠᠭᠤᠴᠠ ᠶᠢᠨ ᠬᠦᠴᠢᠷᠳᠡᠯ ᠲᠠᠢ ᠭᠡᠷ ᠪᠦᠯᠢ᠃       ︵ᠬᠤᠶᠠᠷ︶ ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ ᠤᠨ ᠡᠷᠦᠬᠡ ᠠᠮᠠ ᠲᠠᠢ ᠬᠤᠲᠠ ᠣᠷᠣᠵᠤ ᠬᠥᠯᠥᠰᠦᠨ ᠠᠵᠢᠯ ᠬᠢᠵᠦ ᠪᠠᠶᠢᠭ᠎ᠠ ᠮᠠᠯᠴᠢᠨ ᠲᠠᠷᠢᠶᠠᠴᠢᠨ ᠪᠠ ᠰᠢᠨ᠎ᠡ ᠪᠠᠷ ᠠᠵᠢᠯ ᠣᠯᠣᠭᠰᠠᠨ ᠣᠷᠣᠨ ᠰᠠᠭᠤᠴᠠ ᠶᠢᠨ ᠬᠦᠴᠢᠷᠳᠡᠯ ᠲᠠᠢ ᠭᠡᠷ ᠪᠦᠯᠢ᠃       ︵ᠭᠤᠷᠪᠠ︶ ᠡᠵᠡᠨ ᠬᠤᠷᠤᠭ᠎ᠠ ᠬᠤᠰᠢᠭᠤᠨ ᠤ ᠡᠷᠦᠬᠡ ᠠᠮᠠ ᠶᠢᠨ ᠲᠠᠩᠰᠠ ᠦᠭᠡᠢ ᠭᠠᠳᠠᠨ᠎ᠠ ᠠᠴᠠ ᠢᠷᠡᠵᠦ ᠠᠵᠢᠯ ᠬᠢᠵᠦ ᠪᠠᠶᠢᠭ᠎ᠠ ᠪᠠ ᠰᠢᠨ᠎ᠡ ᠪᠠᠷ ᠠᠵᠢᠯ ᠣᠯᠣᠭᠰᠠᠨ ᠭᠡᠷ ᠪᠦᠯᠢ᠂ ᠲᠣᠰ ᠬᠤᠰᠢᠭᠤᠨ ᠤ ᠬᠡᠪᠴᠢᠶᠡᠨ ᠳᠤ 1 ᠵᠢᠯ ᠵᠢᠴᠢ 1 ᠵᠢᠯ ᠠᠴᠠ ᠳᠡᠭᠡᠭᠰᠢ ᠠᠵᠢᠯᠯᠠᠭᠰᠠᠨ ᠬᠥᠳᠡᠯᠮᠦᠷᠢ ᠶᠢᠨ ᠭᠡᠷ᠎ᠡ ᠪᠣᠯᠣᠨ ᠲᠣᠰ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠪᠠᠶᠢᠭᠤᠯᠤᠮᠵᠢ ᠶᠢᠨ ᠵᠠᠯᠭᠠᠭ᠎ᠠ ᠪᠠᠷ 6 ᠰᠠᠷ᠎ᠠ ᠰᠢᠬᠠᠮ ᠲᠤᠰᠢᠶᠠᠭᠰᠠᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠭᠰᠠᠨ ᠭᠡᠷᠡᠴᠢ ᠪᠤᠶᠤ ᠭᠡᠷᠡᠴᠢ ᠶᠢ ᠬᠠᠩᠭᠠᠨ᠎ᠠ᠃      ︵ᠳᠥᠷᠪᠡ︶ ᠡᠵᠡᠨ ᠬᠤᠷᠤᠭ᠎ᠠ ᠬᠤᠰᠢᠭᠤᠨ ᠤ ᠬᠡᠪᠴᠢᠶᠡᠨ ᠳᠤ ᠨᠢᠬᠡᠴᠢ ᠪᠤᠶᠤ ᠪᠠᠶᠢᠭᠤᠯᠤᠮᠵᠢ ᠠᠴᠠ ᠬᠡᠷᠡᠴᠢᠯᠡᠭᠰᠡᠨ ᠲᠤᠰᠬᠠᠢ ᠴᠢᠳᠠᠪᠤᠷᠢᠲᠠᠨ᠃     ᠳᠡᠭᠡᠷᠡᠬᠢ ᠨᠥᠬᠦᠴᠡᠯ ᠳᠤ ᠨᠡᠶᠢᠴᠡᠭᠰᠡᠨ ᠭᠤᠶᠤᠴᠢᠯᠠᠭᠴᠢ ᠡᠷᠬᠡᠪᠰᠢ ᠳᠣᠣᠷᠠᠬᠢ ᠨᠥᠬᠦᠴᠡᠯ ᠳᠤ ᠲᠤᠬᠢᠷᠠᠭᠰᠠᠨ ᠪᠠᠶᠢᠬᠤ᠄     ︵ᠨᠢᠭᠡ︶ ᠭᠤᠶᠤᠴᠢᠯᠠᠭᠴᠢ ᠨᠢ ᠪᠦᠬᠦᠯᠢ 18 ᠨᠠᠰᠤ ᠵᠢᠴᠢ ᠲᠡᠭᠦᠨ ᠠᠴᠠ ᠳᠡᠭᠡᠭᠰᠢ ᠪᠠᠶᠢᠬᠤ︔     ︵ᠬᠤᠶᠠᠷ︶ ᠠᠯᠳᠠᠨᠰᠢᠷᠡᠭᠡ ᠪᠠᠯᠭᠠᠰᠤᠨ ᠳᠤ 6 ᠰᠠᠷ᠎ᠠ ᠳᠡᠭᠡᠭᠰᠢ ᠰᠠᠭᠤᠭᠰᠠᠨ︔     ︵ᠭᠤᠷᠪᠠ︶ ᠡᠵᠡᠨ ᠬᠤᠷᠤᠭ᠎ᠠ ᠬᠤᠰᠢᠭᠤᠨ ᠳᠤ ᠲᠣᠭᠲᠠᠪᠤᠷᠢᠲᠠᠢ ᠣᠷᠣᠯᠭ᠎ᠠ ᠲᠠᠢ᠂ ᠲᠦᠷᠢᠶᠡᠰᠦᠨ ᠮᠥᠩᠭᠦ ᠲᠤᠰᠢᠶᠠᠬᠤ ᠴᠢᠳᠠᠪᠤᠷᠢ ᠲᠠᠢ ᠪᠠᠶᠢᠬᠤ︔      ︵ᠳᠥᠷᠪᠡ︶ ᠬᠤᠪᠢ ᠬᠥᠮᠥᠨ ᠤ ᠣᠷᠣᠯᠭ᠎ᠠ ᠪᠤᠶᠤ ᠭᠡᠷ ᠪᠦᠯᠢ ᠶᠢᠨ ᠬᠥᠮᠥᠨ ᠳᠤᠮᠳᠠᠴᠢ ᠶᠢᠨ ᠣᠷᠣᠯᠭ᠎ᠠ ᠨᠢ ᠮᠠᠨ ᠤ ᠬᠤᠰᠢᠭᠤᠨ ᠤ ᠳᠡᠭᠡᠷ᠎ᠡ ᠨᠢᠭᠡ ᠵᠢᠯ ᠤᠨ ᠬᠤᠲᠠ ᠪᠠᠯᠭᠠᠰᠤ ᠶᠢᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 80%᠎ ᠠᠴᠠ ᠳᠣᠣᠷ᠎ᠠ ᠪᠠᠶᠢᠵᠤ᠂ ᠭᠡᠷ ᠪᠦᠯᠢ ᠶᠢᠨ ᠲᠣᠭᠲᠠᠮᠠᠯ ᠬᠥᠷᠥᠩᠭᠡ ᠶᠢᠨ ᠶᠡᠷᠦᠩᠬᠡᠢ ᠥᠷᠲᠡᠭ ᠢ 20 ᠲᠦᠮᠡᠨ ᠲᠥᠭᠦᠷᠢᠭ ᠠᠴᠠ ᠬᠡᠳᠦᠷᠡᠭᠰᠡᠨ ᠦᠭᠡᠢ ᠪᠠᠶᠢᠬᠤ︔      ︵ᠲᠠᠪᠤ︶ ᠬᠢᠶ᠎ᠠ ᠪᠠᠭᠰᠢ᠂ ᠠᠯᠳᠠᠨᠰᠢᠷᠡᠭᠡ ᠪᠠᠯᠭᠠᠰᠤᠨ ᠤ ᠬᠤᠲᠠ ᠶᠢᠨ ᠲᠣᠭᠤᠷᠢᠭ ᠲᠤ ᠣᠷᠣᠨ ᠰᠠᠭᠤᠴᠠ ᠦᠭᠡᠢ ᠪᠤᠶᠤ ᠬᠥᠮᠥᠨ ᠳᠤᠮᠳᠠᠴᠢ ᠶᠢᠨ ᠣᠷᠣᠨ ᠰᠠᠭᠤᠴᠠ ᠶᠢᠨ ᠲᠠᠯᠠᠪᠠᠶ ᠨᠢ 15 ᠲᠡᠭᠰᠢ ᠳᠥᠷᠪᠡᠯᠵᠢᠨ ᠮᠧᠲᠷ ᠠᠴᠠ ᠳᠣᠣᠷ᠎ᠠ ᠪᠠᠶᠢᠬᠤ︔      ︵ᠵᠢᠷᠭᠤᠭ᠎ᠠ︶ ᠭᠤᠶᠤᠴᠢᠯᠠᠭᠴᠢ ᠪᠠ ᠬᠠᠮᠲᠤ ᠭᠤᠶᠤᠴᠢᠯᠠᠭᠴᠢ ᠶᠠᠮᠠᠷᠪᠠ ᠭᠠᠵᠠᠷ ᠣᠷᠣᠨ ᠳᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠲᠦᠷᠢᠶᠡᠰᠦᠯᠡᠭᠰᠡᠨ ᠦᠭᠡᠢ ᠪᠤᠯ᠂ ᠭᠡᠷ ᠪᠦᠯᠢ ᠨᠢᠭᠡᠪᠦᠷᠢ ᠵᠥᠪᠬᠡᠨ 1 ᠢᠵᠢ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠭᠤᠶᠤᠴᠢᠯᠠᠨ᠎ᠠ᠃       ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠭᠤᠶᠤᠴᠢᠯᠠᠯ ᠤᠨ ᠶᠠᠪᠤᠴᠠ ᠨᠢ ᠶᠠᠭᠤ ᠪᠣᠶ︖       ᠭᠤᠷᠪᠠᠨ ᠬᠢᠨᠠᠯᠳᠠ ᠭᠤᠷᠪᠠᠨ ᠨᠠᠶᠢᠳᠡᠯᠡᠯ      ᠭᠤᠶᠤᠴᠢᠯᠠᠭᠴᠢ ᠠᠴᠠ ᠰᠠᠭᠤᠭ᠎ᠠ ᠭᠠᠵᠠᠷ ᠤᠨ ᠢᠶᠠᠨ ᠨᠡᠶᠢᠭᠡᠮ ᠲᠣᠭᠤᠷᠢᠭ ᠲᠤ ᠭᠤᠶᠤᠴᠢᠯᠠᠵᠤ᠂ ︽ᠡᠵᠡᠨ ᠬᠤᠷᠤᠭ᠎ᠠ ᠬᠤᠰᠢᠭᠤᠨ ᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠭᠤᠶᠤᠴᠢᠯᠠᠯ ᠤᠨ ᠪᠢᠴᠢᠭ︾᠎ ᠢ ᠲᠠᠭᠯᠠᠨ᠎ᠠ᠃ ︵ᠨᠢᠭᠡ︶ ᠭᠥᠯᠢᠶᠡᠨ ᠠᠪᠬᠤ ᠪᠠ ᠠᠩᠬᠠᠨ ᠤ ᠬᠢᠨᠠᠯᠲᠠ᠄ ᠠᠯᠳᠠᠨᠰᠢᠷᠡᠭᠡ ᠪᠠᠯᠭᠠᠰᠤᠨ ᠤ ᠡᠯ᠎ᠡ ᠨᠡᠶᠢᠭᠡᠮ ᠲᠣᠭᠤᠷᠢᠭ ᠭᠥᠯᠢᠶᠡᠨ ᠠᠪᠴᠤ ᠰᠢᠢᠳᠪᠦᠷᠢᠯᠡᠭᠰᠡᠨ ᠡᠳᠦᠷ ᠠᠴᠠ ᠡᠬᠢᠯᠡᠨ 10 ᠠᠵᠢᠯᠯᠠᠬᠤ ᠡᠳᠦᠷ ᠤᠨ ᠳᠣᠲᠣᠷ᠎ᠠ ᠬᠢᠨᠠᠨ ᠬᠠᠷᠭᠤᠭᠤᠯᠬᠤ ᠶᠢ ᠪᠡᠶᠡᠯᠡᠭᠦᠯᠬᠦ ᠶᠢᠨ ᠬᠠᠮᠲᠤ ᠬᠢᠨᠠᠨ ᠬᠠᠷᠭᠤᠭᠤᠯᠤᠭᠰᠠᠨ ᠰᠠᠨᠠᠯ ᠢᠶᠠᠨ ᠳᠤᠷᠠᠳᠴᠤ᠂ ᠠᠩᠬᠠᠨ ᠤ ᠬᠢᠨᠠᠯᠲᠠ ᠳᠤ ᠬᠢᠷᠢ ᠲᠡᠩᠴᠡᠭᠰᠡᠨ ᠢ ᠨᠡᠶᠢᠭᠡᠮ ᠲᠣᠭᠤᠷᠢᠭ ᠲᠤ ᠤᠯᠠᠷᠢᠯ ᠢᠶᠠᠷ ᠵᠠᠷᠯᠠᠨ ᠨᠠᠶᠢᠳᠠᠯᠡᠵᠦ᠂ ᠬᠤᠭᠤᠴᠠᠭ᠎ᠠ ᠨᠢ 7 ᠡᠳᠦᠷ᠃ ︵ᠬᠤᠶᠠᠷ︶ ᠳᠠᠬᠢᠨ ᠬᠢᠨᠠᠬᠤ᠄ ᠠᠯᠳᠠᠨᠰᠢᠷᠡᠭᠡ ᠪᠠᠯᠭᠠᠰᠤᠨ ᠤ ᠵᠠᠰᠠᠭ ᠤᠨ ᠣᠷᠳᠣᠨ ᠭᠤᠶᠤᠴᠢᠯᠠᠭᠴᠢ ᠶᠢᠨ ᠭᠤᠶᠤᠴᠢᠯᠠᠯ ᠤᠨ ᠮᠠᠲ᠋ᠧᠷᠢᠶᠠᠯ ᠢ ᠣᠯᠣᠭᠰᠠᠨ ᠤ ᠳᠠᠷᠠᠭ᠎ᠠ 10 ᠠᠵᠢᠯᠯᠠᠬᠤ ᠡᠳᠦᠷ ᠤᠨ ᠳᠣᠲᠣᠷ᠎ᠠ ᠳᠠᠬᠢᠨ ᠬᠢᠨᠠᠬᠤ ᠶᠢ ᠳᠠᠭᠤᠰᠬᠠᠬᠤ ᠶᠢᠨ ᠬᠠᠮᠲᠤ ᠳᠠᠬᠢᠨ ᠬᠢᠨᠠᠭᠰᠠᠨ ᠰᠠᠨᠠᠯ ᠢᠶᠠᠨ ᠳᠤᠷᠠᠳᠤᠨ᠎ᠠ᠃ ᠳᠠᠬᠢᠨ ᠬᠢᠨᠠᠵᠤ ᠬᠢᠷᠢ ᠲᠡᠩᠴᠡᠭᠰᠡᠨ ᠢ ᠠᠯᠳᠠᠨᠰᠢᠷᠡᠭᠡ ᠪᠠᠯᠭᠠᠰᠤᠨ ᠤ ᠵᠠᠰᠠᠭ ᠤᠨ ᠣᠷᠳᠣᠨ ᠳᠤ ᠨᠡᠶᠢᠳᠡᠯᠡᠵᠦ᠂ ᠬᠤᠭᠤᠴᠠᠭ᠎ᠠ 7 ᠡᠳᠦᠷ᠃ ︵ᠭᠤᠷᠪᠠ︶ ᠬᠢᠨᠠᠨ ᠬᠠᠷᠭᠤᠭᠤᠯᠬᠤ᠄ ᠬᠤᠰᠢᠭᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠭᠤᠶᠤᠴᠢᠯᠠᠭᠴᠢ ᠶᠢᠨ ᠲᠤᠰᠢᠶᠠᠭᠰᠠᠨ ᠭᠤᠶᠤᠴᠢᠯᠠᠯ ᠤᠨ ᠮᠠᠲ᠋ᠧᠷᠢᠶᠠᠯ ᠢ ᠣᠯᠣᠭᠰᠠᠨ ᠤ ᠳᠠᠷᠠᠭ᠎ᠠ 10 ᠠᠵᠢᠯᠯᠠᠬᠤ ᠡᠳᠦᠷ ᠤᠨ ᠳᠣᠲᠣᠷ᠎ᠠ ᠬᠢᠨᠠᠨ ᠬᠠᠷᠭᠤᠭᠤᠯᠬᠤ ᠶᠢᠨ ᠬᠠᠮᠲᠤ ᠬᠢᠨᠠᠨ ᠬᠠᠷᠭᠤᠭᠤᠯᠤᠭᠰᠠᠨ ᠰᠠᠨᠠᠯ ᠢᠶᠠᠨ ᠳᠤᠷᠠᠳᠤᠨ᠎ᠠ᠃ ᠬᠢᠨᠠᠨ ᠬᠠᠷᠭᠤᠭᠤᠯᠵᠤ ᠬᠢᠷᠢ ᠲᠡᠩᠴᠡᠭᠰᠡᠨ ᠢ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ᠂ ᠡᠵᠡᠨ ᠬᠤᠷᠤᠭ᠎ᠠ ᠬᠤᠰᠢᠭᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠸᠢᠴᠠᠲ ᠤᠨ ᠲᠠᠪᠴᠠᠩ ᠵᠢᠴᠢ ᠡᠵᠡᠨ ᠬᠤᠷᠤᠭ᠎ᠠ ᠶᠢᠨ ᠨᠠᠶᠢᠳᠡᠯᠡᠯ ᠸᠢᠴᠠᠲ ᠤᠨ ᠲᠠᠪᠴᠠᠩ ᠳᠡᠭᠡᠷ᠎ᠡ ᠤᠯᠠᠷᠢᠯ ᠢᠶᠠᠷ ᠨᠡᠶᠢᠳᠡᠯᠡᠵᠦ᠂ ᠬᠤᠭᠤᠴᠠᠭ᠎ᠠ 7 ᠡᠳᠦᠷ᠂ ᠡᠭᠦᠨ ᠤ ᠬᠠᠮᠲᠤ ᠨᠥᠬᠦᠴᠡᠯ ᠳᠤ ᠨᠡᠶᠢᠴᠡᠬᠦ ᠲᠦᠷᠢᠶᠡᠰᠦᠯᠡᠬᠦ ᠡᠲᠡᠭᠡᠳ ᠢ ᠡᠭᠡᠯᠵᠢᠯᠡᠨ ᠬᠦᠯᠢᠶᠡᠬᠦ ᠬᠥᠮᠥᠷᠭᠡ ᠳᠤ ᠣᠷᠣᠭᠤᠯᠤᠨ᠎ᠠ᠃ ᠳᠡᠭᠡᠷᠡᠬᠢ ᠶᠠᠪᠤᠴᠠ ᠳᠤ ᠬᠢᠷᠢ ᠲᠡᠩᠴᠡᠭᠰᠡᠨ ᠦᠭᠡᠢ ᠪᠤᠶᠤ ᠨᠡᠶᠢᠳᠡᠯᠡᠯ ᠳᠤ ᠣᠨᠳᠣᠣ ᠰᠠᠨᠠᠯ ᠲᠠᠢ ᠪᠠᠶᠢᠪᠠᠯ᠂ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠶᠢᠨ ᠬᠠᠮᠲᠤ ᠤᠴᠢᠷ ᠰᠢᠯᠲᠠᠭᠠᠨ ᠢ ᠲᠤᠳᠤᠷᠬᠠᠶᠢᠯᠠᠨ᠎ᠠ᠃ ᠡᠭᠦᠨ ᠤ ᠬᠠᠮᠲᠤ ᠬᠠᠮᠢᠶ᠎ᠠ ᠪᠦᠬᠦᠢ ᠭᠡᠷᠡᠴᠢᠯᠡᠬᠦ ᠮᠠᠲ᠋ᠧᠷᠢᠶᠠᠯ ᠤᠨ ᠤᠭ ᠮᠠᠲ᠋ᠧᠷᠢᠶᠠᠯ ᠢ ᠲᠤᠰᠢᠶᠠᠨ᠎ᠠ᠄      ︵ᠨᠢᠭᠡ︶ ᠪᠡᠶ᠎ᠡ ᠶᠢᠨ ᠦᠨᠡᠮᠯᠡᠯ ︵ᠣᠹᠢᠼᠧᠷ ᠤᠨ ᠦᠨᠡᠮᠯᠡᠯ ᠪᠤᠶᠤ ᠲᠦᠷᠦᠭᠰᠡᠨ ᠦᠨᠡᠮᠯᠡᠯ︶᠂ ᠡᠷᠦᠭᠡ ᠠᠮᠠ ᠶᠢᠨ ᠳᠡᠪᠲᠡᠷ ︽ᠠᠯᠳᠠᠨᠰᠢᠷᠡᠭᠡ ᠪᠠᠯᠭᠠᠰᠤᠨ ᠳᠤ ᠬᠠᠭᠠᠰ ᠵᠢᠯ ᠠᠴᠠ ᠳᠡᠭᠡᠭᠰᠢ ᠰᠠᠭᠤᠭᠰᠠᠨ︾ ᠵᠡᠷᠬᠡ ᠤᠭ ᠮᠠᠲ᠋ᠧᠷᠢᠶᠠᠯ ᠵᠢᠴᠢ ᠬᠠᠭᠤᠯᠪᠤᠷᠢ︔     ︵ᠬᠤᠶᠠᠷ︶ ᠤᠷᠤᠬ ᠤᠨ ᠭᠡᠷᠡᠴᠢ      ︵ᠭᠤᠷᠪᠠ︶ ᠠᠵᠢᠯ ᠤᠨ ᠭᠡᠷᠡᠴᠢ ᠮᠠᠲ᠋ᠧᠷᠢᠶᠠᠯ᠂ ᠣᠷᠣᠯᠭ᠎ᠠ ᠪᠠ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠭᠰᠠᠨ ᠵᠡᠷᠭᠡ  ᠬᠡᠷᠡᠴᠢ︔     ︵ᠳᠥᠷᠪᠡ︶ ᠣᠷᠣᠨ ᠰᠠᠭᠤᠴᠠ ᠶᠢᠨ ᠪᠠᠶᠢᠳᠠᠯ ᠤᠨ ᠭᠡᠷᠡᠴᠢ︔     ︵ᠲᠠᠪᠤ︶ ᠪᠤᠰᠤᠳ ᠬᠠᠩᠭᠠᠬᠤ ᠴᠢᠬᠤᠯᠠ ᠲᠠᠢ ᠮᠠᠲ᠋ᠧᠷᠢᠶᠠᠯ᠃     ᠭᠤᠶᠤᠴᠢᠯᠠᠭᠴᠢ ᠲᠠᠭᠯᠠᠨ ᠪᠢᠴᠢᠭᠰᠡᠨ ᠭᠤᠶᠤᠴᠢᠯᠠᠯ ᠤᠨ ᠪᠢᠴᠢᠭ ᠵᠢᠴᠢ ᠬᠠᠩᠭᠠᠭᠰᠠᠨ ᠭᠡᠷᠡᠴᠢᠯᠡᠬᠦ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠲᠤ ᠬᠠᠷᠢᠭᠤᠴᠠᠨ᠎ᠠ᠃      ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠠᠳᠤᠯᠠᠭ᠎ᠠ ᠶᠢᠨ ᠠᠷᠭ᠎ᠠ ᠮᠠᠶ᠋ᠢᠭ      ᠤᠯᠠᠨ ᠨᠡᠶᠢᠲᠡ ᠶᠢᠨ ᠲᠦᠷᠢᠶᠡᠰᠦᠨ ᠭᠡᠷ ᠤᠨ ᠪᠠᠲᠤᠯᠠᠭ᠎ᠠ ᠶᠢᠨ ᠬᠡᠯᠪᠡᠷᠢ ᠶᠢ ᠪᠣᠳᠠᠲᠤ ᠵᠦᠢᠯ ᠢᠶᠠᠷ ᠲᠦᠷᠢᠶᠡᠰᠦ ᠲᠣᠬᠢᠷᠠᠭᠤᠯᠬᠤ ᠪᠠ ᠣᠷᠣᠨ ᠰᠠᠭᠤᠴᠠ ᠶᠢᠨ ᠲᠦᠷᠢᠶᠡᠰᠦᠯᠡᠯ ᠤᠨ ᠨᠥᠬᠦᠪᠦᠷᠢ ᠭᠡᠵᠦ ᠬᠤᠶᠠᠷ ᠵᠦᠢᠯ ᠪᠠᠶᠢᠳᠠᠭ᠃      ᠪᠣᠳᠠᠲᠤ ᠵᠦᠢᠯ ᠢᠶᠠᠷ ᠲᠦᠷᠢᠶᠡᠰᠦ ᠲᠦᠭᠡᠭᠡᠬᠦ ᠨᠢ ᠨᠡᠶᠢᠲᠡ ᠶᠢᠨ ᠲᠦᠷᠢᠶᠡᠰᠦᠨ ᠭᠡᠷ ᠪᠠᠶᠢᠰᠢᠩ ᠢ ᠬᠤᠪᠢᠶᠠᠷᠢᠯᠠᠬᠤ ᠶᠢ ᠬᠡᠯᠡᠵᠦ ᠪᠠᠶᠢᠨ᠎ᠠ︔     ᠣᠷᠣᠨ ᠰᠠᠭᠤᠴᠠ ᠶᠢᠨ ᠲᠦᠷᠢᠶᠡᠰᠦᠯᠡᠯ ᠤᠨ ᠨᠥᠬᠦᠪᠦᠷᠢ ᠪᠣᠯ ᠳᠠᠷᠤᠢ ᠲᠦᠷᠢᠶᠡᠰᠦᠨ ᠮᠥᠩᠭᠦ ᠶᠢᠨ ᠨᠥᠬᠦᠪᠦᠷᠢ ᠶᠢ ᠰᠢᠭᠤᠳ ᠣᠯᠭᠤᠬᠤ ᠶᠠᠪᠤᠳᠠᠯ ᠪᠤᠯᠵᠤ᠂ ᠨᠡᠶᠢᠲᠡ ᠶᠢᠨ ᠲᠦᠷᠢᠶᠡᠰᠦᠨ ᠭᠡᠷ ᠪᠠᠶᠢᠰᠢᠩ ᠢ ᠬᠤᠪᠢᠶᠠᠬᠤ ᠦᠭᠡᠢ᠃       ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠳᠠ      ︵ᠨᠢᠭᠡ︶ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠲᠦᠷᠢᠶᠡᠰᠦᠯᠡᠭᠴᠢ ᠶᠢᠨ ᠥᠪᠡᠷ ᠢᠶᠠᠨ ᠰᠠᠭᠤᠬᠤ ᠳᠤ ᠯᠠ ᠬᠡᠷᠡᠭᠯᠡᠵᠦ᠂ ᠵᠢᠭᠡᠯᠡᠭᠦᠯᠬᠦ ᠪᠤᠶᠤ ᠰᠢᠯᠵᠢᠭᠦᠯᠦᠨ ᠲᠦᠷᠢᠶᠡᠰᠦᠯᠡᠭᠦᠯᠵᠦ ᠪᠣᠯᠬᠤ ᠦᠭᠡᠢ᠂ ᠲᠦᠷᠢᠶᠡᠰᠦᠯᠡᠬᠦ ᠬᠤᠭᠤᠴᠠᠭᠠᠨ ᠳᠤ ᠬᠠᠮᠲᠤ ᠰᠠᠭᠤᠬᠤ ᠬᠥᠮᠥᠰ ᠢ ᠨᠡᠮᠡᠭᠳᠡᠭᠦᠯᠵᠦ ᠪᠣᠯᠬᠤ ᠦᠭᠡᠢ᠂ ᠡᠵᠡᠩᠨᠡᠯᠲᠡ ᠶᠢᠨ ᠴᠢᠨᠠᠷᠲᠠᠢ ᠠᠵᠢᠯᠯᠠᠭ᠎ᠠ ᠬᠢᠬᠦ ᠪᠤᠶᠤ ᠭᠡᠷ ᠪᠠᠶᠢᠰᠢᠩ ᠤᠨ ᠬᠡᠷᠡᠭᠴᠡᠭᠡ ᠶᠢ ᠬᠤᠪᠢᠷᠠᠭᠤᠯᠤᠨ ᠬᠡᠷᠡᠭᠯᠡᠵᠦ ᠪᠣᠯᠬᠤ ᠦᠭᠡᠢ᠃      ︵ᠬᠤᠶᠠᠷ︶ ᠲᠦᠷᠢᠶᠡᠰᠦᠯᠡᠭᠴᠢ ᠭᠡᠷ ᠪᠠᠶᠢᠰᠢᠩ ᠢ ᠬᠡᠷᠡᠭᠯᠡᠬᠦ ᠶᠠᠪᠤᠴᠠ ᠶᠢᠨ ᠤᠰᠤ᠂ ᠴᠠᠬᠢᠯᠭᠠᠨ᠂ ᠳᠤᠯᠠᠭᠠᠯᠠᠭ᠎ᠠ᠂ ᠬᠡᠢ᠂ ᠴᠢᠮᠡᠭᠡ ᠨᠡᠪᠲᠡᠷᠡᠯᠭᠡ᠂ ᠤᠲᠠᠰᠤᠲᠤ ᠲᠧᠯᠸᠢᠰ᠂ ᠠᠳᠠᠯ ᠠᠬᠤᠢ ᠶᠢᠨ ᠦᠢᠯᠡᠴᠢᠯᠡᠭᠡ ᠵᠡᠷᠭᠡ ᠬᠠᠮᠢᠶ᠎ᠠ ᠪᠦᠬᠦᠢ ᠵᠠᠷᠤᠳᠠᠯ ᠢ ᠴᠠᠭ ᠲᠤᠬᠠᠢ ᠳᠤᠨᠢ ᠲᠤᠰᠢᠶᠠᠬᠤ ᠬᠡᠷᠡᠭᠲᠡᠢ᠃      ︵ᠭᠤᠷᠪᠠ︶ ᠲᠦᠷᠢᠶᠡᠰᠦᠯᠡᠭᠴᠢ ᠨᠢ ᠭᠡᠷ ᠪᠠᠶᠢᠰᠢᠩ ᠵᠢᠴᠢ ᠳᠠᠭᠠᠯᠲᠠ ᠲᠥᠬᠦᠭᠡᠷᠦᠮᠵᠢ ᠶᠢ ᠬᠠᠶᠢᠷᠠᠯᠠᠨ ᠬᠠᠮᠠᠭᠠᠯᠠᠬᠤ ᠪᠥᠭᠡᠳ ᠵᠦᠢ ᠵᠣᠬᠢᠰᠲᠠᠢ ᠪᠠᠷ ᠬᠡᠷᠡᠭᠯᠡᠵᠤ ᠳᠤᠷ᠎ᠠ ᠪᠠᠷ ᠢᠶᠠᠨ ᠭᠡᠷ ᠪᠠᠶᠢᠰᠢᠩ ᠢ ᠵᠠᠰᠠᠵᠤ ᠴᠢᠮᠡᠭᠯᠡᠵᠦ ᠪᠣᠯᠬᠤ ᠦᠭᠡᠢ᠃ ᠭᠡᠷ ᠪᠠᠶᠢᠰᠢᠩ ᠤᠨ ᠳᠣᠲᠣᠷᠠᠬᠢ ᠬᠢᠯᠪᠠᠷᠬᠠᠨ ᠡᠪᠳᠡᠷᠡᠬᠦ ᠲᠥᠬᠦᠭᠡᠷᠦᠮᠵᠢ ᠪᠤᠶᠤ ᠳᠠᠭᠠᠯᠲᠠ ᠲᠥᠬᠦᠭᠡᠷᠦᠮᠵᠢ ᠨᠢ ᠡᠪᠳᠡᠷᠡᠪᠡᠯ᠂ ᠲᠦᠷᠢᠶᠡᠰᠦᠯᠡᠭᠴᠢ ᠠᠴᠠ ᠰᠡᠯᠪᠢᠨ ᠵᠠᠰᠠᠬᠤ ᠪᠤᠶᠤ ᠲᠥᠯᠥᠬᠦ ᠶᠢ ᠬᠠᠷᠢᠭᠤᠴᠠᠨ᠎ᠠ᠃      ᠬᠠᠤᠯᠢ ᠴᠠᠭᠠᠵᠠ ᠶᠢᠨ ᠬᠠᠷᠢᠭᠤᠴᠠᠯᠭ᠎ᠠ        ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠤᠯᠪᠣᠭᠳᠠᠯ ᠪᠦᠬᠦᠢ ᠵᠠᠰᠠᠭ ᠤᠨ ᠣᠷᠳᠣᠨ ᠤ ᠡᠷᠬᠡ ᠲᠤᠰᠢᠶᠠᠯᠳᠤ ᠰᠠᠯᠠᠭ᠎ᠠ ᠮᠥᠴᠢᠷ ᠤᠨ ᠠᠵᠢᠯᠲᠠᠨ ᠬᠢᠷᠢ ᠬᠡᠮ ᠢ ᠬᠢᠨᠠᠨ ᠬᠠᠷᠭᠤᠭᠤᠯᠬᠤ ᠪᠠ ᠬᠢᠨᠠᠯᠲᠠ ᠲᠠᠯᠪᠢᠵᠤ ᠬᠠᠮᠢᠶᠠᠷᠬᠤ ᠠᠵᠢᠯ ᠤᠨ ᠳᠤᠮᠳᠠ ᠲᠣᠰ ᠠᠷᠭ᠎ᠠ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ᠂ ᠡᠰᠡᠬᠦᠯ᠎ᠡ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠬᠦ᠂ ᠡᠭᠦᠷᠭᠡ ᠲᠤᠰᠢᠶᠠᠯ ᠳᠠᠭᠠᠨ ᠤᠰᠤᠯᠳᠠᠬᠤ᠂ ᠬᠤᠪᠢ ᠶᠢᠨ ᠠᠰᠢᠭ ᠢᠶᠠᠨ ᠪᠤᠳᠤᠵᠤ ᠬᠠᠤᠯᠢ ᠶᠣᠰᠣ ᠶᠢ ᠵᠦᠷᠢᠴᠡᠬᠦ᠂ ᠬᠡᠭᠡᠯᠢ ᠬᠠᠭ᠋ᠤᠤᠯᠢ ᠢᠳᠡᠪᠠᠯ᠂ ᠬᠠᠤᠯᠢ ᠰᠠᠬᠢᠯᠭ᠎ᠠ ᠶᠢᠨ ᠶᠣᠰᠣᠭᠠᠷ ᠬᠠᠮᠢᠶ᠎ᠠ ᠪᠦᠬᠦᠢ ᠬᠠᠷᠢᠭᠤᠴᠠᠯᠭ᠎ᠠ ᠶᠢ ᠨᠡᠬᠡᠮᠵᠢᠯᠡᠨ᠎ᠡ᠃      ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠠᠮᠢᠶ᠎ᠠ ᠪᠦᠬᠦᠢ ᠲᠣᠭᠲᠠᠭᠠᠯ ᠠᠴᠠ ᠵᠥᠷᠢᠴᠡᠭᠰᠡᠨ ᠲᠦᠷᠢᠶᠡᠰᠦᠯᠡᠭᠴᠢ ᠶᠢ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠤᠯᠤᠰ ᠤᠨ ︽ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠠᠮᠢᠶᠠᠷᠤᠯᠲᠠ ᠶᠢᠨ ᠠᠷᠭ᠎ᠠ︾᠎ ᠶᠢᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠲᠣᠷᠭᠠᠨ᠎ᠠ᠃ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠠᠮᠢᠶᠠᠷᠤᠯᠲᠠ ᠶᠢᠨ ᠠᠷᠭ᠎ᠠ ᠶᠢ ᠵᠥᠷᠢᠴᠡᠭᠰᠡᠨ ᠭᠡᠷ ᠪᠠᠶᠢᠰᠢᠩ ᠭᠠᠵᠠᠷ ᠬᠥᠷᠥᠩᠭᠡ ᠶᠢᠨ ᠵᠠᠭᠤᠴᠢᠯᠠᠬᠤ ᠪᠠᠶᠢᠭᠤᠯᠤᠮᠵᠢ ᠶᠢ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠤᠯᠤᠰ ᠤᠨ ︽ᠭᠡᠷ ᠪᠠᠶᠢᠰᠢᠩ ᠭᠠᠵᠠᠷ ᠬᠥᠷᠥᠩᠭᠡ ᠶᠢᠨ ᠵᠠᠭᠤᠴᠢᠯᠠᠬᠤ ᠬᠠᠮᠢᠶᠠᠷᠤᠯᠲᠠ ᠶᠢᠨ ᠠᠷᠭ᠎ᠠ︾᠎ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠣᠷᠭᠠᠨ᠎ᠠ᠃ 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ