ᠬᠤᠰᠢᠭᠤ ᠠᠷᠠᠳ ᠤᠨ ᠵᠠᠰᠠᠭ ᠤᠨ ᠣᠷᠳᠣᠨ 2023 ᠣᠨ ᠤ 15 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/11/21
        11 ᠳ᠋ᠣᠭᠡᠷ ᠰᠠᠷ᠎ᠠ ᠶᠢᠨ 20᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠵᠠᠰᠠᠭ ᠤᠨ ᠣᠷᠳᠣᠨ ᠤ ᠳᠠᠷᠤᠭ᠎ᠠ ᠦ᠋ ᠶᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 15 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃       ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ᠂ ᠶᠡᠷᠦᠩᠬᠡᠢ ᠰᠠᠶᠢᠳ ᠯᠢ ᠴᠢᠶᠠᠩ ᠤᠨ ᠱᠠᠨ ᠰᠢ ᠮᠤᠵᠢ ᠶᠢᠨ ᠯᠢᠦᠢ ᠯᠢᠶᠠᠩ ᠬᠤᠳᠠ ᠶᠢᠨ ᠶᠦᠩ ᠵᠢᠦᠢ ᠨᠡᠭᠦᠷᠡᠰᠦᠨ ᠠᠭᠤᠷᠬᠠᠢ ᠶᠢᠨ ᠨᠢᠭᠡᠨ ᠠᠯᠪᠠᠨ ᠠᠰᠠᠷ ᠤᠨ ᠭᠠᠯ ᠠᠯᠳᠠᠭᠰᠠᠨ ᠠᠳᠡᠯ ᠳᠤ ᠥᠭᠭᠦᠭᠰᠡᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ︾᠂ ︽ᠠᠶᠤᠯᠲᠠᠢ ᠬᠢᠮᠢ ᠶᠢᠨ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠳᠦᠷᠢᠮ︾ ᠎ ᠢ ᠬᠠᠮᠲᠤ ᠪᠠᠷ ᠰᠤᠷᠤᠯᠴᠠᠪᠠ᠃ ᠠᠰᠠᠭᠤᠳᠠᠯ ᠢ ᠰᠡᠷᠭᠡᠭ ᠢᠶᠠᠷ ᠲᠠᠨᠢᠵᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ︽ᠤᠳᠠᠭᠠᠨ ᠪᠦᠳᠦᠭᠦᠯᠢᠭ ᠬᠡᠶᠢᠰᠪᠦᠷᠢ︾ ︽ᠠᠭᠤᠵᠢᠭᠤ ᠰᠤᠯᠠ︾ ᠠᠰᠠᠭᠤᠳᠠᠯ ᠢ ᠭᠦᠨᠵᠡᠭᠡᠢ ᠪᠠᠶᠢᠴᠠᠭᠠᠨ ᠦᠵᠡᠵᠦ᠂  ᠲᠤᠳᠠᠭᠳᠠᠯ ᠢᠶᠠᠨ ᠨᠥᠬᠦᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ ᠪᠣᠳᠠᠰ ᠤᠨ ᠠᠶᠤᠯᠲᠠᠢ ᠪᠠᠶᠢᠳᠠᠯ᠂ ᠬᠦᠮᠦᠰ ᠤᠨ ᠠᠮᠤᠷ ᠲᠦᠪᠰᠢᠨ ᠪᠤᠰᠤ ᠦᠶᠯᠡ ᠠᠵᠢᠯᠯᠠᠭ᠎ᠠ᠂ ᠬᠠᠮᠢᠶᠠᠷᠤᠯᠲᠠ ᠶᠢᠨ ᠲᠠᠯ᠎ᠠ ᠶᠢᠨ ᠳᠤᠲᠠᠭᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠯᠳᠠ ᠬᠡᠮ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠲᠡᠢ᠃ ᠠᠵᠤ ᠠᠬᠤᠶᠢᠯᠠᠯ ᠤᠨ ᠬᠠᠮᠢᠶᠠᠷᠤᠯᠲᠠ᠂ ᠠᠵᠢᠯᠲᠠᠨ ᠤ ᠬᠡᠪ ᠴᠢᠨᠠᠷ᠂ ᠮᠡᠷᠭᠡᠵᠢᠯ ᠤᠨ ᠴᠢᠳᠠᠪᠤᠷᠢ ᠵᠡᠷᠭᠡ ᠲᠠᠯ᠎ᠠ ᠶᠢᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠳᠠᠭᠤ ᠴᠢᠩᠭ᠎ᠠ ᠠᠷᠭ᠎ᠠ ᠬᠡᠮᠵᠢᠶ᠎ᠡ ᠠᠪᠴᠤ᠂ ᠮᠥᠨ ᠴᠢᠨᠠᠷ ᠤᠨ ᠠᠮᠤᠷ ᠲᠦᠪᠰᠢᠨ ᠤ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠠᠵᠢᠯ ᠲᠦᠷᠦᠯ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠳᠠᠢ ᠬᠡᠪᠡ᠃      ᠬᠤᠷᠠᠯ ᠠᠴᠠ 2023 ᠣᠨ ᠤ ᠭᠤᠣᠯᠳᠠᠯᠭ᠎ᠠ ᠲᠠᠢ ᠲᠦᠷᠦᠯ ᠵᠦᠢᠯ ᠢ ᠠᠬᠢᠭᠤᠯᠤᠭᠰᠠᠨ ᠪᠠᠶᠢᠳᠠᠯ ᠪᠣᠯᠣᠨ 2024 ᠣᠨ ᠤ ᠭᠤᠣᠯᠳᠠᠯᠭ᠎ᠠ ᠲᠠᠢ ᠲᠦᠷᠦᠯ ᠵᠦᠢᠯ ᠢ ᠲᠥᠯᠥᠪᠵᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠤᠪᠠ᠃ ᠨᠠᠷᠢᠨ ᠬᠢᠨᠠᠮᠠᠭᠠᠢ ᠰᠤᠳᠤᠯᠤᠨ ᠡᠮᠬᠢᠯᠡᠵᠦ᠂ ᠬᠦᠴᠦ ᠪᠠᠨ ᠲᠥᠪᠯᠡᠷᠡᠭᠦᠯᠦᠨ ᠪᠡᠷᠬᠡ ᠶᠢ ᠰᠢᠢᠳᠪᠦᠷᠢᠯᠡᠵᠦ᠂ ᠵᠣᠬᠢᠴᠠᠭᠤᠯᠬᠤ ᠡᠷᠴᠢᠮ ᠢᠶᠠᠨ ᠴᠢᠩᠭᠠᠷᠠᠭᠤᠯᠤᠨ᠂ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠣᠯᠬᠤ ᠶᠢ ᠲᠦᠷᠬᠡᠳᠬᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠪᠦᠬᠦ ᠲᠠᠯ᠎ᠠ ᠪᠠᠷ ᠲᠦᠷᠦᠯ ᠵᠦᠢᠯ ᠢ ᠠᠳᠬᠤᠬᠤ᠂ ᠬᠡᠯᠪᠡᠷᠢ ᠪᠠᠨ ᠬᠤᠪᠢᠷᠠᠭᠤᠯᠬᠤ ᠶᠢ ᠪᠦᠬᠦ ᠲᠠᠯ᠎ᠠ ᠪᠠᠷ ᠠᠳᠬᠤᠬᠤ᠂ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠳᠬᠤᠬᠤ ᠣᠶᠢᠯᠠᠭᠠᠭᠳᠠᠬᠤᠨ ᠢ ᠪᠤᠢ ᠪᠣᠯᠭᠠᠵᠤ᠂ ᠲᠦᠷᠦ ᠶᠢᠨ ᠪᠣᠳᠣᠯᠭ᠎ᠠ ᠶᠢᠨ ᠤᠳᠤᠷᠢᠳᠤᠮᠵᠢ ᠶᠢ ᠨᠠᠷᠢᠨ ᠬᠢᠨᠠᠮᠠᠭᠠᠢ ᠰᠤᠳᠤᠯᠵᠤ᠂ ᠭᠤᠣᠯᠳᠠᠯᠭ᠎ᠠ ᠲᠠᠢ ᠠᠵᠢᠯ᠂ ᠠᠷᠠᠳ ᠤᠨ ᠠᠮᠢᠳᠤᠷᠠᠯ ᠤᠨ ᠬᠡᠷᠡᠭᠴᠡᠭᠡ᠂  ᠲᠤᠳᠠᠭᠳᠠᠯ ᠪᠠᠭᠤᠷᠠᠢ ᠲᠠᠯ᠎ᠠ᠂ ᠬᠠᠳᠠᠭᠠᠯᠠᠯᠲᠠ ᠶᠢᠨ ᠬᠡᠮᠵᠢᠶ᠎ᠡ ᠶᠢ ᠠᠮᠢᠳᠤᠯᠢᠭᠵᠢᠭᠤᠯᠬᠤ᠂ ᠠᠵᠤ ᠦᠢᠯᠡᠰ ᠤᠨ ᠬᠡᠯᠬᠢᠶ᠎ᠡ ᠶᠢ ᠢᠵᠢ ᠪᠦᠷᠢᠳᠦᠭᠦᠯᠬᠦ ᠲᠤᠭᠤᠷᠢᠨ ᠳᠤ ᠲᠦᠷᠦᠯ ᠵᠦᠢᠯ ᠢ ᠲᠥᠯᠥᠪᠵᠢᠭᠦᠯᠵᠦ᠂ ᠡᠮᠦᠨᠡᠬᠢ ᠬᠤᠭᠤᠴᠠᠭᠠᠨ ᠤ ᠠᠵᠢᠯ ᠢ ᠨᠠᠷᠢᠨ ᠪᠣᠳᠠᠲᠠᠢ ᠬᠢᠵᠦ᠂ ᠢᠷᠡᠬᠦ ᠵᠢᠯ ᠤᠨ ᠬᠠᠪᠤᠷ ᠤᠨ ᠤᠯᠠᠷᠢᠯ ᠤᠨ ᠠᠵᠢᠯ ᠡᠬᠢᠯᠡᠭᠦᠯᠬᠦ ᠳᠤ ᠰᠠᠭᠤᠷᠢ ᠶᠢ ᠰᠠᠶᠢᠲᠤᠷ ᠲᠠᠯᠪᠢᠬᠤ ᠬᠡᠷᠡᠭᠲᠡᠢ ᠭᠡᠪᠠ᠃       ᠬᠤᠷᠠᠯ ᠠᠴᠠ ᠪᠥᠬᠦ ᠬᠤᠰᠢᠭᠤᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠢ ᠵᠠᠰᠠᠭ ᠤᠨ ᠣᠷᠳᠣᠨ ᠤ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ︽ᠳᠥᠷᠪᠡᠨ ᠬᠠᠮᠤᠭ ᠤᠨ ᠴᠢᠩᠭ᠎ᠠ︾᠎ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠪᠥᠬᠦ ᠬᠡᠯᠬᠢᠶ᠎ᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠵᠢᠯ ᠤᠨ ᠬᠦᠷᠢᠶᠡᠨ ᠳᠠᠬᠢ ᠨᠡᠶᠢᠲᠡᠯᠢᠭ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠶᠢ ᠰᠠᠶᠢᠲᠤᠷ ᠠᠳᠬᠤᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ ᠪᠠᠰᠠ ᠮᠠᠯᠵᠢᠬᠤ ᠲᠠᠷᠢᠶᠠᠯᠠᠬᠤ ᠣᠷᠣᠨ ᠤ ᠥᠮᠴᠢᠯᠡᠯ ᠤᠨ ᠡᠷᠬᠡ ᠶᠢ ᠰᠢᠯᠵᠢᠭᠦᠯᠦᠨ ᠠᠷᠠᠯᠵᠢᠶᠠᠯᠠᠬᠤ᠂ ᠠᠯᠪᠠᠨ ᠳᠤ ᠬᠡᠷᠡᠭᠯᠡᠬᠦ ᠲᠡᠷᠭᠡ ᠶᠢ ᠲᠥᠪᠯᠡᠷᠡᠭᠦᠯᠦᠨ ᠨᠢᠭᠡᠳᠦᠯᠲᠡᠢ ᠬᠠᠮᠢᠶᠠᠷᠬᠤ ᠪᠠ ᠠᠮᠢ ᠠᠬᠤᠢ ᠶᠢᠨ ᠣᠷᠴᠢᠨ ᠲᠣᠭᠤᠷᠢᠨ᠂ ᠪᠠᠶᠢᠭᠠᠯᠢ ᠶᠢᠨ ᠡᠬᠢ ᠪᠠᠶᠠᠯᠢᠭ᠂ ᠡᠨᠧᠷᠭᠢ ᠶᠢᠨ ᠬᠠᠮᠢᠶᠠᠷᠤᠯᠲᠠ ᠶᠢᠨ ᠬᠦᠷᠢᠶᠡᠨ ᠤ ᠮᠡᠳᠡᠭᠡ ᠵᠠᠩᠭᠢ ᠶᠢᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠵᠡᠷᠭᠡ ᠵᠦᠢᠯᠡᠰ ᠢ ᠰᠤᠳᠤᠯᠪᠠ᠃ 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ