| 11 ᠳ᠋ᠣᠭᠡᠷ ᠰᠠᠷ᠎ᠠ ᠶᠢᠨ 21 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠵᠠᠰᠠᠭ ᠤᠨ ᠣᠷᠳᠣᠨ ᠤ ᠳᠠᠷᠤᠭ᠎ᠠ ᠦ᠋ ᠶᠦᠨ ᠠᠷᠪᠠᠨ | ᠵᠢᠷᠭᠤᠳᠤᠭᠠᠷ ᠬᠤᠭᠤᠴᠠᠭᠠᠨ ᠤ 84 ᠤᠳᠠᠭᠠᠨ ᠤ ᠪᠠᠶᠢᠩᠭᠤ ᠶᠢᠨ ᠬᠡᠰᠢᠬᠦᠳ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ | | | | ᠬᠤᠷᠠᠯ ᠳᠡᠭᠡᠷ᠎ᠡ ᠶᠡᠷᠦᠩᠬᠡᠢ ᠱᠦᠵᠢ ᠰᠢ ᠶᠢᠨ ᠫᠢᠩ ᠱᠠᠨ ᠰᠢ ᠮᠤᠵᠢ ᠶᠢᠨ ᠯᠢᠦᠢ ᠯᠢᠶᠠᠩ ᠬᠤᠲᠠ ᠶᠢᠨ ᠶᠦᠩ ᠵᠢᠦᠢ ᠨᠡᠭᠦᠷᠡᠰᠦᠨ ᠠᠭᠤᠷᠬᠠᠢ ᠶᠢᠨ ᠨᠢᠭᠡᠨ | ᠠᠯᠪᠠᠨ ᠠᠰᠠᠷ ᠤᠨ ᠭᠠᠯ ᠭᠠᠷᠤᠭᠰᠠᠨ ᠬᠡᠷᠡᠭ ᠤᠨ ᠲᠤᠬᠠᠢ ᠴᠢᠬᠤᠯᠠ ᠵᠢᠭᠠᠪᠤᠷᠢ᠂ ᠪᠡᠭᠡᠵᠢᠩ ᠾᠧᠪᠧᠢ ᠳᠤ ᠭᠠᠮᠰᠢᠭ ᠤᠨ ᠳᠠᠷᠠᠭᠠᠬᠢ ᠰᠡᠷᠭᠦᠭᠡᠨ ᠳᠠᠬᠢᠨ ᠪᠦᠲᠦᠭᠡᠨ | ᠪᠠᠶᠢᠭᠤᠯᠬᠤ ᠠᠵᠢᠯ ᠢ ᠪᠠᠶᠢᠴᠠᠭᠠᠭᠰᠠᠨ ᠴᠢᠬᠤᠯᠠ ᠶᠠᠷᠢᠶ᠎ᠠ ᠪᠣᠯᠣᠨ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠤᠯᠤᠰ ᠲᠥᠷᠥ ᠶᠢᠨ ᠲᠣᠪᠴᠢᠶᠠᠨ ᠤ ᠶᠢᠰᠦᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠭᠤᠷᠪᠠᠳᠤᠭᠠᠷ ᠤᠳᠠᠭ᠎ᠠ ᠶᠢᠨ ᠬᠤᠷᠠᠯ ᠪᠣᠯᠣᠨ | ᠬᠤᠯᠪᠣᠭᠳᠠᠯ ᠪᠦᠬᠦᠢ ᠲᠣᠭᠤᠷᠢᠨ ᠪᠠᠶᠢᠴᠠᠭᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ | ᠤᠳᠤᠷᠢᠳᠤᠯᠭ᠎ᠠ ᠶᠢᠨ ᠶᠠᠷᠢᠶ᠎ᠠ᠂ ᠬᠤᠯᠪᠣᠭᠳᠠᠯ ᠪᠦᠬᠦᠢ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ | ᠰᠤᠳᠤᠯᠤᠨ ᠪᠠᠶᠢᠷᠢᠯᠠᠭᠤᠯᠪᠠ᠃ | | | | ᠬᠤᠷᠠᠯ ᠠᠴᠠ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ | ᠢ ᠴᠡᠭᠴᠡᠯᠡᠨ ᠰᠠᠶᠢᠵᠢᠷᠠᠭᠤᠯᠵᠤ ︽ᠡᠷᠬᠢᠵᠦ ᠬᠠᠷᠠᠬᠤ︾ ᠪᠠ ᠠᠷᠪᠠᠨ ᠵᠢᠷᠭᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠬᠤᠶᠠᠳᠤᠭᠠᠷ ᠡᠭᠡᠯᠵᠢ | ᠶᠢᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠤᠯᠤᠰ ᠲᠥᠷᠥ ᠶᠢᠨ ᠲᠣᠭᠤᠷᠢᠨ ᠪᠠᠶᠢᠴᠠᠭᠠᠬᠤ ᠪᠠᠶᠢᠷᠢ ᠲᠣᠭᠲᠠᠭᠠᠯᠲᠠ ᠪᠠᠨ ᠪᠠᠲᠤ ᠰᠠᠬᠢᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ᠂ ᠲᠣᠭᠤᠷᠢᠨ ᠪᠠᠶᠢᠴᠠᠭᠠᠯᠳᠠ ᠶᠢᠨ ᠰᠡᠬᠦᠯ ᠬᠤᠷᠢᠶᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠥᠬᠦ ᠬᠤᠰᠢᠭᠤᠨ ᠤ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠠᠵᠢᠯ ᠤᠨ | ᠠᠬᠢᠴᠠ ᠶᠢᠨ ᠪᠠᠶᠢᠳᠠᠯ ᠢ ᠰᠣᠨᠣᠰᠴᠤ᠂ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ ᠦᠨᠳᠦᠰᠦᠨ ᠠᠴᠠ ᠨᠢ ᠪᠠᠶᠢᠴᠠᠭᠠᠨ ᠰᠢᠢᠳᠪᠦᠷᠢᠯᠡᠵᠦ᠂ ᠦᠨᠳᠦᠰᠦᠨ | ᠱᠠᠲᠤᠨ ᠤ ᠵᠠᠰᠠᠯᠲᠠ ᠶᠢᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ 2023 ᠣᠨ ᠤ ᠬᠠᠤᠯᠢ ᠪᠠᠷ ᠬᠤᠰᠢᠭᠤ ᠪᠠᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠬᠠᠤᠯᠢᠵᠢᠯ ᠤᠨ ᠵᠠᠰᠠᠭ ᠤᠨ | ᠣᠷᠳᠣᠨ ᠤ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠥᠬᠦ ᠲᠠᠯ᠎ᠠ ᠪᠠᠷ ᠰᠢᠯᠢᠳᠡᠭᠵᠢᠭᠦᠯᠦᠨ᠂ | ᠬᠠᠤᠯᠢ ᠪᠠᠷ ᠬᠤᠰᠢᠭᠤ ᠪᠠᠨ ᠵᠠᠰᠠᠬᠤ ᠠᠵᠢᠯ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ︽︿ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ﹀ ᠰᠢᠯᠢᠳᠡᠭ ᠤᠯᠠᠮᠵᠢᠯᠠᠯ ᠢ ᠪᠠᠳᠠᠷᠠᠭᠤᠯᠵᠤ ᠭᠤᠤᠯᠳᠠᠯᠭᠠᠳᠤ ᠠᠵᠢᠯ ᠢ ᠠᠬᠢᠭᠤᠯᠬᠤ᠂ | ᠴᠢᠬᠤᠯᠠ ᠶᠡᠭᠡ ᠰᠡᠳᠦᠪ ᠢ ᠰᠤᠳᠤᠯᠬᠤ᠂ ᠲᠣᠪᠣᠶᠢᠮ᠎ᠠ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠰᠢᠢᠳᠪᠦᠷᠢᠯᠡᠬᠦ ᠠᠵᠢᠯ ᠤᠨ ᠲᠥᠰᠥᠯ︾ ᠢ ᠰᠤᠳᠤᠯᠤᠨ ᠬᠢᠨᠠᠨ | ᠵᠥᠪᠯᠡᠪᠡ᠃ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠶᠢ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠴᠢᠬᠤᠯᠠ ᠭᠠᠷᠳᠠᠴᠠ ᠪᠣᠯᠭᠠᠵᠤ᠂ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠪᠠ ᠠᠷᠠᠳ ᠣᠯᠠᠨ ᠤ ᠬᠠᠯᠠᠮᠵᠢᠯᠠᠨ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠵᠦᠢᠯᠡᠰ ᠲᠤ | ᠠᠩᠬᠠᠷᠤᠯ ᠢᠶᠠᠨ ᠲᠥᠪᠯᠡᠷᠡᠭᠦᠯᠵᠦ᠂ ᠤᠳᠤᠷᠢᠳᠬᠤ ᠺᠠᠳ᠋ᠷ ᠪᠠ ᠡᠯ᠎ᠡ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠦᠴᠦᠨ ᠢ ᠠᠬᠢᠭᠤᠯᠤᠨ᠂ ᠡᠯ᠎ᠡ ᠲᠦᠷᠦᠯ ᠤᠨ | ᠭᠤᠤᠯᠳᠠᠯᠭᠠᠳᠤ ᠠᠵᠢᠯ ᠢ ᠰᠠᠶᠢᠲᠤᠷ ᠬᠢᠵᠦ᠂ ᠡᠯ᠎ᠡ ᠲᠦᠷᠦᠯ ᠤᠨ ᠴᠢᠬᠤᠯᠠ ᠶᠡᠭᠡ ᠰᠡᠳᠦᠪ ᠢ ᠰᠤᠳᠤᠯᠵᠤ᠂ ᠡᠯ᠎ᠡ ᠲᠥᠷᠥᠯ ᠤᠨ ᠲᠣᠪᠣᠶᠢᠮ᠎ᠠ ᠵᠠᠬᠢᠳᠠᠯ ᠰᠤᠷᠪᠤᠯᠵᠢᠯᠠᠯ | ᠤᠨ ᠠᠰᠠᠭᠤᠳᠠᠯ ᠢ ᠰᠢᠢᠳᠪᠦᠷᠢᠯᠡᠨ᠂ ᠦᠨᠡᠨ ᠪᠣᠳᠠᠲᠠᠢ ᠬᠥᠭᠵᠢᠯᠲᠡ ᠶᠢᠨ ᠦᠷ᠎ᠡ ᠪᠦᠲᠦᠮᠵᠢ ᠪᠠᠷ ᠣᠳᠣᠬᠢᠴᠢᠯᠠᠭᠰᠠᠨ ᠡᠵᠡᠨ ᠬᠤᠷᠤᠭ᠎ᠠ ᠶᠢᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠳᠠᠢ ᠬᠡᠵᠦ ᠴᠢᠬᠤᠯᠠᠴᠢᠯᠠᠪᠠ᠃ | ᠬᠤᠷᠠᠯ ᠠᠴᠠ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠠᠵᠢᠯ ᠪᠣᠯᠣᠨ ᠡᠮ ᠡᠮᠨᠡᠯᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ | ᠡᠩᠨᠡᠭᠡ ᠶᠢᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠶᠠᠪᠤᠳᠠᠯ ᠢ ᠰᠤᠳᠤᠯᠤᠨ ᠬᠢᠨᠠᠨ ᠵᠦᠪᠯᠡᠪᠡ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ | | | |