ᠡᠵᠡᠨ ᠬᠤᠷᠤᠭ᠎ᠠ ᠬᠤᠰᠢᠭᠤᠨ ᠤ ᠪᠥᠬᠦ ᠤᠯᠤᠰ ᠤᠨ ᠵᠠᠭᠤᠨ ᠬᠦᠴᠦᠷᠬᠡᠭ ᠰᠢᠶᠠᠨ ᠤ ᠨᠡᠷᠡᠰ ᠤᠨ ᠵᠢᠬᠰᠠᠭᠠᠯᠳᠠ ᠳᠠᠬᠢᠨ ᠰᠢᠨ᠎ᠠ ᠲᠡᠭᠳᠡᠷ ᠲᠤ ᠭᠠᠷᠪᠠ
ᠨᠡᠶᠢᠲᠡᠯᠡᠭᠰᠡᠨ ᠴᠠᠭ᠄
2023/12/10
      12 ᠳ᠋ᠤᠭᠠᠷ ᠰᠠᠷ᠎ᠠ ᠶᠢᠨ 5᠎ ᠤ ᠡᠳᠦᠷ᠂ ᠪᠥᠬᠦ ᠤᠯᠤᠰ ᠤᠨ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠤ ᠵᠠᠭᠤᠨ ᠬᠦᠴᠦᠷᠬᠡᠭ ᠰᠢᠶᠠᠨ ︵ᠬᠤᠲᠠ᠂ ᠲᠣᠭᠤᠷᠢᠭ︶᠎ ᠤ ᠨᠡᠷᠡᠰ ᠤᠨ ᠵᠢᠭᠰᠠᠭᠠᠯᠲᠠ ᠶᠢ ᠨᠡᠶᠢᠲᠡᠯᠡᠪᠡ᠂ ᠡᠨᠡ ᠵᠢᠯ ᠤᠨ ᠨᠡᠷᠡᠰ ᠤᠨ ᠵᠢᠭᠰᠠᠭᠠᠯᠲᠠ ᠳᠤ᠂ ᠡᠵᠡᠨ ᠬᠤᠷᠤᠭ᠎ᠠ ᠬᠤᠰᠢᠭᠤ ᠪᠥᠬᠦ ᠤᠯᠤᠰ ᠲᠤ 20 ᠳ᠋ᠤᠭᠠᠷ ᠲᠤ ᠵᠢᠭᠰᠠᠭᠠᠭᠳᠠᠵᠤ᠂ ᠳᠡᠭᠡᠷ᠎ᠡ ᠵᠢᠯ ᠠᠴᠠ ᠪᠠᠰᠠ ᠬᠤᠶᠠᠷ ᠤᠷᠤ ᠡᠮᠤᠨᠡᠰᠢ ᠲᠠᠪᠰᠢᠪᠠ᠃
86623e7a13aa7d1a1141b59fd7744e2.jpg
      2023 ᠣᠨ ᠤ ᠪᠥᠬᠦ ᠤᠯᠤᠰ ᠤᠨ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠤ ᠵᠠᠭᠤᠨ ᠬᠦᠴᠦᠷᠬᠡᠭ ᠰᠢᠶᠠᠨ ︵ᠬᠤᠲᠠ᠂ ᠲᠣᠭᠤᠷᠢᠭ︶ ᠵᠡᠷᠭᠡ ᠶᠢᠨ ᠨᠡᠷᠡᠰ ᠤᠨ ᠵᠢᠭᠰᠠᠭᠠᠯᠲᠠ ᠶᠢ ᠵᠢᠢ ᠰᠢᠶᠠ ᠤᠶᠤᠨᠳᠤ ᠬᠥᠮᠥᠷᠭᠡ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠳ᠋ ᠤᠨ ᠵᠠᠰᠠᠭ ᠤᠨ ᠠᠵᠤ ᠠᠬᠤᠶ ᠶᠢᠨ ᠪᠠᠶᠢᠯᠳᠤᠬᠤ ᠪᠣᠳᠣᠯᠭ᠎ᠠ ᠶᠢᠨ ᠰᠤᠳᠤᠯᠭᠠᠨ ᠤ ᠬᠦᠷᠢᠶᠡᠯᠡᠩ ᠤᠨ ︽ᠳᠤᠮᠳᠠᠳᠤ ᠤᠯᠤᠰ ᠤᠨ ᠰᠢᠶᠠᠨ ᠤ ᠬᠡᠪᠴᠢᠶᠡᠨ ᠤ ᠠᠵᠤ ᠠᠬᠤᠶ ᠶᠢᠨ ᠬᠥᠭᠵᠢᠯᠲᠡ ᠶᠢᠨ ᠮᠡᠳᠡᠭᠦᠯᠦᠯᠲᠡ︾᠎ ᠶᠢᠨ ᠵᠢᠭᠠᠯᠳᠠ ᠲᠣᠭᠠᠨ ᠤ ᠰᠢᠰᠲ᠋ᠧᠮ ᠢ ᠦᠨᠳᠦᠰᠦᠯᠡᠨ ᠨᠠᠶᠢᠷᠠᠭᠤᠯᠤᠨ ᠵᠣᠬᠢᠶᠠᠭᠰᠠᠨ ᠶᠤᠮ᠃ ᠲᠤᠰ ᠵᠢᠭᠠᠯᠳᠠ ᠲᠣᠭᠠᠨ ᠤ ᠰᠢᠰᠲ᠋ᠧᠮ ᠢ ᠬᠤᠶᠠᠷ ᠳᠡᠰ ᠬᠤᠪᠢᠶᠠᠵᠤ᠂ ᠡᠭᠦᠨ ᠤ ᠳᠣᠲᠣᠷ᠎ᠠ ᠨᠢᠭᠡᠳᠦᠭᠡᠷ ᠳᠡᠰ ᠤᠨ ᠵᠢᠭᠠᠯᠳᠠ ᠲᠣᠭᠠᠨ ᠤ ᠰᠢᠰᠲ᠋ᠧᠮ ᠨᠢ ᠭᠤᠣᠯᠳᠠᠭᠤ ᠶᠢᠰᠦᠨ ᠶᠡᠭᠡ ᠥᠷᠢᠰᠥᠯᠳᠦᠬᠦ ᠬᠦᠴᠦᠨ ᠢ ᠰᠢᠯᠭᠠᠨ ᠪᠠᠶᠢᠴᠠᠭᠠᠨ᠎ᠠ᠂ ᠲᠣᠰ ᠲᠣᠰ ᠠᠵᠤ ᠠᠬᠤᠶ ᠶᠢᠨ ᠬᠡᠪᠴᠢᠶᠡᠨ ᠤ ᠥᠷᠢᠰᠦᠯᠳᠦᠬᠦ ᠬᠦᠴᠦᠨ᠂ ᠠᠵᠤ ᠤᠶᠢᠯᠡᠰ ᠤᠨ ᠬᠥᠭᠵᠢᠯᠲᠡ ᠶᠢᠨ ᠥᠷᠢᠰᠦᠯᠳᠦᠬᠦ ᠬᠦᠴᠦᠨ᠂ ᠵᠠᠬ᠎ᠠ ᠳᠡᠯᠭᠡᠭᠦᠷ ᠤᠨ ᠬᠡᠷᠡᠭᠴᠡᠭᠡ ᠶᠢᠨ ᠥᠷᠢᠰᠦᠯᠳᠦᠬᠦ ᠬᠦᠴᠦᠨ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠥᠷᠢᠰᠦᠯᠳᠦᠬᠦ ᠬᠦᠴᠦᠨ᠂ ᠮᠥᠩᠭᠦᠨ ᠬᠦᠢᠯᠭᠡᠭᠡᠨ ᠤ ᠡᠬᠢ ᠪᠠᠶᠠᠯᠢᠭ ᠤᠨ ᠥᠷᠢᠰᠦᠯᠳᠦᠬᠦ ᠬᠦᠴᠦᠨ᠂ ᠰᠠᠭᠤᠭᠠᠯᠢ ᠠᠷᠠᠳ ᠤᠨ ᠣᠷᠣᠯᠭ᠎ᠠ ᠶᠢᠨ ᠥᠷᠢᠰᠦᠯᠳᠦᠬᠦ ᠬᠦᠴᠦᠨ᠂ ᠰᠠᠭᠤᠷᠢ ᠰᠤᠷᠭᠠᠨ ᠬᠥᠮᠦᠵᠢᠯ ᠤᠨ ᠥᠷᠢᠰᠦᠯᠳᠦᠬᠦ ᠬᠦᠴᠦᠨ᠂ ᠡᠷᠡᠭᠦᠯ ᠬᠠᠮᠠᠭᠠᠯᠠᠯ ᠠᠰᠠᠷᠠᠮᠵᠢ ᠶᠢᠨ ᠥᠷᠢᠰᠦᠯᠳᠦᠬᠦ ᠬᠦᠴᠦᠨ ᠪᠠ ᠠᠮᠢ ᠠᠬᠤᠶ ᠶᠢᠨ ᠣᠷᠴᠢᠨ ᠲᠣᠭᠤᠷᠢᠨ ᠤ ᠥᠷᠢᠰᠦᠯᠳᠦᠬᠦ ᠬᠦᠴᠦᠨ ᠵᠡᠷᠭᠡ ᠪᠤᠯᠤᠨ᠎ᠠ᠃ ᠬᠤᠶᠠᠳᠤᠭᠠᠷ ᠳᠡᠰ ᠤᠨ ᠵᠢᠭᠠᠯᠳᠠ ᠲᠣᠭᠠᠨ ᠤ ᠰᠢᠰᠲ᠋ᠧᠮ ᠨᠢ ᠨᠢᠭᠡᠳᠦᠭᠡᠷ ᠳᠡᠰ ᠤᠨ ᠵᠢᠭᠠᠯᠳᠠ ᠲᠣᠭᠠᠨ ᠤ ᠰᠢᠰᠲ᠋ᠧᠮ ᠢ ᠤᠯᠠᠮ ᠨᠢᠭᠡ ᠠᠯᠬᠤᠮ ᠨᠠᠷᠢᠯᠢᠬᠵᠢᠭᠤᠯᠤᠨ᠂ ᠨᠡᠶᠢᠲᠡ 22 ᠵᠦᠢᠯ ᠤᠨ ᠵᠢᠭᠠᠯᠳᠠ ᠲᠤᠭ᠎ᠠ ᠶᠢ ᠰᠢᠯᠭᠠᠨ ᠪᠠᠶᠢᠴᠠᠭᠠᠨ᠎ᠠ᠃
3a4152057e425874dfa8ca721cff261.jpg                                       
ᠢᠷᠡᠯᠲᠡ᠄ ᠳᠤᠮᠳᠠᠳᠤ ᠤᠯᠤᠰ ᠤᠨ ᠰᠦᠯᠵᠢᠶ᠎ᠡ