ᠬᠤᠰᠢᠭᠤᠨ ᠤ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠲᠠᠪᠤᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2023/12/10
      12 ᠳ᠋ᠤᠭᠠᠷ ᠰᠠᠷ᠎ᠠ ᠶᠢᠨ 5᠎ ᠤ ᠡᠳᠦᠷ ᠠᠴᠠ 6᠎ ᠤ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶ᠎ᠠ ᠲᠤᠰᠬᠠᠶ ᠰᠡᠳᠦᠪᠲᠦ ᠲᠠᠶᠢᠯᠤᠮᠵᠢ᠂ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠬᠤ᠂ ᠲᠥᠪᠯᠡᠷᠡᠭᠦᠯᠦᠨ ᠰᠤᠷᠤᠯᠴᠠᠬᠤ ᠶᠢ ᠤᠶᠠᠯᠳᠤᠭᠤᠯᠬᠤ ᠬᠡᠯᠪᠡᠷᠢ ᠪᠠᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠲᠠᠪᠤᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠶᠢ ᠡᠷᠭᠢᠯᠡᠪᠡ᠃ ᠡᠦ ᠶᠦᠨ᠂ ᠴᠢᠶᠣᠤ ᠰᠢᠶᠤᠤ ᠵᠢᠶᠦ᠋ᠨ᠂ ᠸᠠᠩ ᠶᠠᠨ ᠵᠢᠶᠦ᠋ᠨ᠂ ᠲᠢᠶᠠᠨ ᠹᠧᠨ ᠴᠢᠩ ᠵᠡᠷᠭᠡ ᠬᠤᠰᠢᠭᠤᠨ ᠤ ᠳᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠡᠯ᠎ᠡ ᠪᠠᠯᠭᠠᠰᠤ᠂ ᠡᠯ᠎ᠡ ᠰᠠᠯᠠᠭ᠎ᠠ ᠮᠥᠴᠢᠷ ᠵᠢᠴᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠣᠷᠣᠯᠴᠠᠪᠠ᠃       ᠬᠤᠶᠠᠷ ᠡᠳᠦᠷ ᠤᠨ ᠲᠤᠷᠰᠢ᠂ ᠨᠣᠮ ᠤᠩᠰᠢᠬᠤ ᠠᠩᠭᠢ ᠶᠢᠨ ᠪᠥᠬᠦ ᠠᠵᠢᠯᠲᠠᠨ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠬᠤᠶᠠᠳᠤᠭᠠᠷ ᠳᠡᠰ ᠤᠨ ᠫᠷᠤᠹᠧᠰᠰᠤᠷ ᠯᠢ ᠢᠦᠶ ᠬᠦᠶ ᠪᠣᠯᠤᠨ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠠᠮᠢ ᠠᠬᠤᠶ ᠬᠢᠭᠡᠳ ᠣᠷᠴᠢᠨ ᠲᠣᠭᠤᠷᠢᠨ ᠤ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠯᠢ ᠰᠢᠶᠤᠤ ᠴᠦᠨ ᠤ ᠬᠢᠭᠰᠡᠨ ᠲᠤᠰᠬᠠᠶ ᠰᠡᠳᠦᠪᠲᠦ ᠲᠠᠶᠢᠯᠤᠮᠵᠢ ᠶᠢ ᠰᠣᠨᠣᠰᠪᠠ᠃       ︽ᠤᠯᠤᠰ ᠲᠥᠷᠥ ᠶᠢᠨ ᠴᠢᠳᠠᠪᠤᠷᠢ᠂ ᠰᠡᠳᠬᠢᠬᠦᠶ ᠶᠢᠨ ᠴᠢᠳᠠᠪᠤᠷᠢ᠂ ᠦᠢᠯᠡᠳᠦᠯᠭᠡ ᠶᠢᠨ ᠴᠢᠳᠠᠪᠤᠷᠢ ᠶᠢ ᠳᠡᠭᠡᠭᠰᠢᠯᠡᠭᠦᠯᠬᠦ︾᠎ ᠶᠢᠨ ᠲᠣᠭᠤᠷᠢᠨ ᠳᠤ ᠲᠤᠰᠬᠠᠶ ᠰᠡᠳᠦᠪ ᠢᠶᠠᠷ ᠰᠤᠳᠤᠯᠤᠨ ᠶᠠᠷᠢᠯᠴᠠᠬᠤ ᠳᠤ ᠡᠤ ᠶᠦᠨ  ᠬᠡᠯᠡᠭᠰᠡᠨ ᠨᠢ᠂ ᠰᠤᠷᠤᠯᠴᠠᠯᠭ᠎ᠠ ᠪᠠᠷ ᠣᠶᠤᠨ ᠤᠬᠠᠭᠠᠨ ᠢᠶᠠᠨ ᠨᠡᠮᠡᠭᠳᠡᠭᠦᠯᠬᠦ ᠳᠤᠮᠳᠠ ᠤᠯᠤᠰ ᠲᠥᠷᠥ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠢᠮᠠᠭᠲᠠ ᠨᠠᠮ ᠎ ᠳᠤ ᠪᠠᠨ ᠦᠨᠡᠨᠴᠢ ᠰᠢᠳᠤᠷᠭᠤ ᠪᠠᠶᠢᠵᠤ᠂ ᠨᠠᠮ ᠤᠨ ᠲᠥᠯᠥᠭᠡ ᠰᠠᠨᠠᠭᠠᠰᠢᠷᠠᠵᠤ᠂ ᠨᠠᠮ ᠤᠨ ᠲᠥᠯᠥᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠨᠠᠮ ᠤᠨ ᠲᠥᠯᠥᠭᠡ ᠬᠤᠪᠢ ᠨᠡᠮᠡᠷᠢ ᠦᠵᠡᠭᠦᠯᠬᠦ ᠶᠢ ᠪᠡᠶᠡᠯᠡᠭᠦᠯᠬᠦ ᠬᠡᠷᠡᠭᠲᠡᠶ᠃ ᠰᠤᠷᠤᠯᠴᠠᠯᠭ᠎ᠠ ᠪᠠᠷ ᠤᠶᠤᠨ ᠢᠶᠠᠨ ᠨᠡᠮᠡᠭᠳᠡᠭᠦᠯᠬᠦ ᠳᠤᠮᠳᠠ ᠪᠠᠶᠢᠯᠳᠤᠬᠤ ᠪᠤᠳᠤᠯᠭ᠎ᠠ ᠶᠢᠨ ᠰᠡᠳᠬᠢᠬᠦᠢ᠂ ᠬᠤᠪᠢᠰᠤᠩᠭᠤᠢ ᠰᠡᠳᠬᠢᠬᠦᠢ᠂ ᠰᠢᠰᠲ᠋ᠧᠮᠲᠦ ᠰᠡᠳᠬᠢᠬᠦᠢ᠂ ᠰᠢᠨ᠎ᠡ ᠶᠢ ᠡᠭᠦᠳᠬᠦ ᠰᠡᠳᠬᠢᠬᠦᠢ᠂ ᠲᠡᠦᠬᠡ ᠶᠢᠨ ᠰᠡᠳᠬᠢᠬᠦᠢ᠂ ᠬᠠᠤᠯᠢᠵᠢᠯ ᠤᠨ ᠰᠡᠳᠬᠢᠬᠦᠢ᠂ ᠬᠤᠷᠢᠭ᠎ᠠ ᠱᠤᠭᠤᠮ ᠤᠨ ᠰᠡᠳᠬᠢᠬᠦᠢ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠴᠢᠳᠠᠪᠤᠷᠢ ᠬᠦᠷᠦᠯᠴᠡᠬᠦ ᠦᠭᠡᠢ ᠠᠰᠠᠭᠤᠳᠠᠯ ᠢ ᠦᠨᠳᠦᠰᠦᠨ ᠠᠴᠠ ᠨᠢ ᠢᠯᠠᠨ ᠳᠠᠪᠠᠭ᠋ᠤ ᠬᠡᠷᠡᠭᠲᠡᠢ᠃ ᠰᠤᠷᠤᠯᠴᠠᠯᠭ᠎ᠠ ᠪᠠᠷ ᠤᠶᠤᠨ ᠤᠬᠠᠭᠠᠨ ᠢᠶᠠᠨ ᠨᠡᠮᠡᠭᠳᠡᠭᠦᠯᠬᠦ ᠳᠤᠮᠳᠠ ᠦᠢᠯᠡᠳᠦᠯᠭᠡ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠠᠵᠢᠯ ᠢ ᠴᠢᠩᠭ᠎ᠠ ᠠᠩᠬᠠᠷᠴᠤ᠂ ᠵᠣᠷᠢᠭᠲᠠᠢ ᠪᠠᠷ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠪᠣᠳᠠᠲᠠᠢ ᠶᠢ ᠡᠷᠬᠢᠮᠯᠡᠬᠦ ᠰᠤᠷᠲᠠᠯ ᠢ ᠪᠠᠳᠠᠷᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠ ︽ᠭᠤᠷᠪᠠᠨ ᠲᠦᠷᠪᠡ︾᠎ ᠶᠢᠨ ᠬᠠᠷᠠᠯᠲᠠ ᠶᠢ ᠪᠡᠶᠡᠯᠡᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠪᠠ᠃       ᠶᠡᠷᠦᠩᠬᠡᠶ ᠱᠦᠵᠢ ᠰᠢ ᠶᠢᠨ ᠫᠢᠩ ᠤᠨ ᠰᠣᠶᠣᠯ ᠢ ᠤᠯᠠᠮᠵᠢᠯᠠᠨ ᠬᠥᠭᠵᠢᠭᠦᠯᠬᠦ  ᠰᠠᠭᠤᠳᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠰᠬᠠᠶ ᠰᠡᠳᠦᠪ ᠢᠶᠠᠷ ᠰᠤᠳᠤᠯᠤᠨ ᠶᠠᠷᠢᠯᠴᠠᠬᠤ ᠳᠤ ᠦ᠋ ᠶᠦᠨ ᠬᠡᠯᠡᠭᠰᠡᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠰᠣᠶᠣᠯ ᠤᠨ ᠪᠠᠶᠢᠭᠤᠯᠤᠯᠲᠠ ᠶᠢᠨ ᠲᠤᠬᠠᠶ ᠵᠢᠮ᠎ᠡ ᠶᠣᠰᠣᠴᠢ ᠴᠢᠨᠠᠷᠲᠠᠶ ᠲᠠᠨᠢᠯᠲᠠ ᠪᠠᠨ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠂ ᠲᠡᠦᠬᠡ ᠶᠢᠨ ᠤᠬᠠᠮᠰᠠᠷ ᠢᠶᠠᠨ ᠴᠢᠩᠭᠠᠳᠬᠠᠵᠤ᠂ ᠰᠣᠶᠣᠯ ᠤᠨ ᠢᠲᠡᠭᠡᠯ ᠢᠶᠠᠨ ᠪᠠᠲᠤᠳᠬᠠᠨ᠂ ᠳᠤᠮᠳᠠᠳᠤ ᠶᠢᠨ ᠪᠣᠯᠪᠠᠰᠤᠨ ᠤ ᠲᠣᠪᠤᠶᠢᠮ᠎ᠠ ᠣᠨᠴᠠᠯᠢᠭ ᠰᠢᠨᠵᠢ ᠶᠢᠨ ᠭᠦᠨᠵᠡᠭᠡᠶ ᠠᠭᠤᠯᠤᠭᠳᠠᠬᠤᠨ ᠢ ᠣᠨᠣᠪᠴᠢᠲᠠᠶ ᠡᠵᠡᠮᠰᠢᠵᠦ᠂ ︽ᠬᠤᠶᠠᠷ ᠢ ᠤᠶᠠᠯᠳᠤᠭᠤᠯᠬᠤ︾᠎ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠡᠵᠡᠮᠰᠢᠨ᠂ ︽ᠤᠮᠠᠷᠠᠲᠤ ᠬᠢᠯᠢ ᠶᠢᠨ ᠰᠣᠶᠣᠯ︾᠎ ᠤᠨ ᠨᠠᠷᠠᠲᠤ ᠲᠡᠮᠳᠡᠭ ᠢ ᠴᠣᠭᠴᠠᠯᠠᠬᠤ ᠳᠤ ᠬᠦᠴᠦ ᠨᠡᠮᠡᠷᠢᠯᠡᠵᠦ᠂ ᠣᠳᠣᠬᠢᠴᠢᠯᠠᠭᠰᠠᠨ ᠡᠵᠡᠨ ᠬᠤᠷᠤᠭ᠎ᠠ ᠶᠢᠨ ᠪᠥᠲᠥᠭᠡᠨ ᠪᠠᠶᠢᠭᠤᠯᠤᠯᠲᠠ ᠳᠤ ᠬᠦᠴᠦᠷᠬᠡᠭ ᠶᠡᠭᠡ ᠣᠶᠤᠨ ᠰᠠᠨᠠᠭᠠᠨ ᠤ ᠬᠦᠴᠦᠨ ᠢ ᠨᠢᠭᠲᠠᠷᠠᠭᠤᠯᠬᠤ ᠬᠡᠷᠡᠭᠲᠡᠶ ᠭᠡᠵᠡᠶ᠃ 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ