ᠪᠥᠬᠦ ᠬᠤᠰᠢᠭᠤᠨ ᠤ ᠭᠤᠤᠯ ᠰᠡᠳᠦᠪᠲᠦ ᠬᠥᠮᠦᠵᠢᠯ ᠤᠨ ᠠᠶᠤᠯᠭᠦᠶ ᠤᠶᠢᠯᠡᠳᠪᠤᠷᠢᠯᠡᠯ ᠤᠨ ᠠᠵᠢᠯ ᠤᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠳᠠᠯᠬᠤ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2023/12/14
      ᠤᠶᠢᠷ᠎ᠠ ᠳᠤ᠂ ᠪᠥᠬᠦ ᠬᠤᠰᠢᠭᠤᠨ ᠤ ᠭᠤᠤᠯ ᠰᠡᠳᠦᠪᠲᠦ ᠬᠥᠮᠦᠵᠢᠯ ᠤᠨ ᠠᠶᠤᠯᠭᠦᠶ ᠤᠶᠢᠯᠡᠳᠪᠤᠷᠢᠯᠡᠯ ᠤᠨ ᠠᠵᠢᠯ ᠤᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠳᠠᠯᠬᠤ ᠬᠤᠷᠠᠯ ᠬᠤᠷᠠᠯᠳᠤᠵᠦ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠡᠤ ᠶᠦᠨ ᠬᠤᠷᠠᠯ ᠢ ᠡᠷᠭᠢᠯᠡᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠭᠤᠷᠪᠠᠳᠤᠭᠠᠷ ᠬᠤᠯᠪᠣᠭ᠎ᠠ ᠠᠪᠬᠤ ᠳᠤᠭᠤᠶᠢᠯᠠᠩ ᠤᠨ ᠳᠠᠷᠤᠭ᠎ᠠ ᠵᠢᠶᠠᠨ ᠶᠦᠩ ᠺᠤᠸᠠᠨ ᠪᠣᠯᠤᠨ ᠬᠤᠲᠠ ᠶᠢᠨ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠪᠠᠶᠢᠴᠠᠭᠠᠨ ᠦᠵᠡᠵᠦ ᠠᠰᠠᠭᠤᠳᠠᠯ ᠢ ᠴᠡᠭᠴᠡᠯᠡᠨ ᠵᠠᠰᠠᠬᠤ ᠨᠢᠭᠡᠳᠦᠭᠡᠷ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠵᠧᠤ ᠴᠢᠩ ᠬᠤᠷᠠᠯ ᠠᠴᠠ ᠵᠢᠭᠠᠨ ᠵᠢᠯᠣᠭᠤᠳᠴᠤ᠂ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠬᠤᠷᠠᠯ ᠳᠤ ᠤᠷᠤᠯᠴᠠᠬᠰᠠᠨ ᠪᠠᠶᠢᠨ᠎ᠠ᠃
0d97016c0077729f6f6c15e43b3eaf4.jpg
      ᠬᠤᠷᠠᠯ ᠠᠴᠠ ᠪᠥᠬᠦ ᠬᠤᠰᠢᠭᠤᠨ ᠤ ᠠᠶᠤᠯᠭᠦᠶ ᠤᠶᠢᠯᠡᠳᠪᠤᠷᠢᠯᠡᠯ ᠤᠨ ᠶᠡᠷᠦᠩᠬᠡᠶ ᠪᠠᠶᠢᠳᠠᠯ ᠢ ᠵᠠᠷᠯᠠᠨ ᠮᠡᠳᠡᠭᠳᠡᠵᠦ᠂ ᠬᠠᠮᠢᠶ᠎ᠠ ᠪᠥᠬᠦᠶ ᠰᠢᠶᠠᠨ ᠤ ᠲᠡᠰ ᠤᠨ ᠤᠳᠤᠷᠢᠳᠤᠯᠭ᠎ᠠ ᠪᠣᠯᠤᠨ ᠬᠠᠮᠢᠶ᠎ᠠ ᠪᠥᠬᠦᠶ ᠪᠠᠯᠭᠠᠰᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠶᠤᠯᠭᠦᠶ ᠤᠶᠢᠯᠡᠳᠪᠤᠷᠢᠯᠡᠯ ᠤᠨ ᠠᠳᠡᠯ ᠪᠣᠯᠤᠨ ᠳᠡᠭᠡᠳᠦ ᠱᠠᠲᠤᠨ ᠤ ᠵᠢᠭᠠᠵᠤ ᠭᠠᠷᠭᠠᠭᠰᠠᠨ ᠨᠡᠶᠢᠲᠡᠯᠢᠭ ᠠᠰᠠᠭᠤᠳᠠᠯ ᠤᠨ ᠬᠡᠮ ᠰᠣᠭᠤᠭ ᠲᠠᠢ ᠬᠠᠷᠢᠴᠠᠭᠤᠯᠤᠨ ᠭᠦᠨᠵᠡᠭᠡᠶ ᠵᠠᠳᠠᠯᠤᠨ ᠲᠤᠩᠭᠠᠨ ᠪᠣᠳᠣᠯᠬᠢᠯᠠᠵᠤ᠂ ᠲᠤᠷᠰᠢᠯᠭ᠎ᠠ ᠰᠤᠷᠭᠠᠮᠵᠢ ᠪᠠᠨ ᠤᠯᠠᠮ ᠨᠢᠭᠡ ᠠᠯᠬᠤᠮ ᠰᠢᠩᠭᠡᠭᠡᠨ ᠠᠪᠤᠭᠰᠠᠨ ᠪᠥᠭᠡᠳ ︽ᠠᠶᠤᠯᠭᠦᠶ ᠤᠶᠢᠯᠡᠳᠪᠤᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮ᠂ ᠴᠡᠭᠴᠡᠯᠡᠨ ᠵᠠᠰᠠᠬᠤ ᠰᠢᠰᠲ᠋ᠧᠮ᠂ ᠬᠢᠨᠠᠨ ᠬᠠᠮᠢᠶᠠᠷᠤᠯᠳᠠ ᠶᠢᠨ ᠰᠢᠰᠲ᠋ᠧᠮ᠂ ᠤᠷᠢᠳᠴᠢᠯᠠᠨ ᠰᠡᠷᠭᠡᠶᠢᠯᠡᠬᠦ ᠰᠢᠰᠲ᠋ᠧᠮ︾᠎ ᠢ ᠪᠥᠬᠦ ᠲᠠᠯ᠎ᠠ ᠪᠠᠷ ᠳᠠᠬᠢᠨ ᠴᠤᠬᠴᠠᠯᠠᠬᠤ ᠲᠤᠬᠠᠶ ᠪᠣᠳᠠᠲᠠᠶ ᠰᠡᠳᠬᠢᠴᠡ ᠪᠠ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃      ᠦ᠋ ᠶᠦᠨ ᠴᠢᠬᠤᠯᠠᠴᠢᠯᠠᠭᠰᠠᠨ ᠨᠢ᠂ ᠪᠥᠬᠦ ᠬᠤᠰᠢᠭᠤ ᠪᠠᠷ ᠢᠶᠠᠨ ᠠᠶᠤᠯᠭᠦᠶ ᠤᠶᠢᠯᠡᠳᠪᠤᠷᠢᠯᠡᠯ ᠤᠨ ᠠᠵᠢᠯ ᠢ ᠦᠨᠡᠨᠬᠦ ᠴᠢᠬᠤᠯᠠᠴᠢᠯᠠᠵᠤ᠂ ︽ᠦᠵᠡᠯ ᠰᠠᠨᠠᠭᠠᠨ ᠤ ᠲᠠᠯ᠎ᠠ ᠪᠠᠷ ᠮᠢᠨᠴᠦᠭᠦᠷᠡᠨ ᠲᠠᠶᠢᠪᠤᠷᠢᠰᠢᠬᠤ᠂ ᠠᠮᠤᠷ ᠲᠦᠪᠰᠢᠨ ᠤ ᠤᠬᠠᠮᠰᠠᠷ ᠪᠠᠭᠤᠷᠠᠶ᠂ ᠬᠢᠨᠠᠯᠲᠠ ᠬᠠᠮᠢᠶᠠᠷᠤᠯᠲᠠ ᠴᠢᠩᠭ᠎ᠠ ᠪᠤᠰᠤ︾ ᠵᠡᠷᠭᠡ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠨ᠂ ᠠᠶᠤᠯᠭᠦᠶ  ᠤᠶᠢᠯᠡᠳᠪᠤᠷᠢᠯᠡᠯ ᠤᠨ ᠰᠠᠨᠠᠭᠠᠴᠢᠯᠠᠭᠠᠲᠤ ᠪᠤᠰᠤ ᠪᠠᠶᠢᠳᠠᠯ ᠢ ᠡᠷᠡᠰ ᠬᠤᠪᠢᠷᠠᠭᠤᠯᠬᠤ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮ ᠢ ᠪᠦᠬᠦ ᠲᠠᠯ᠎ᠠ ᠪᠠᠷ ᠳᠠᠬᠢᠨ ᠴᠤᠬᠴᠠᠯᠠᠵᠦ᠂ ᠡᠭᠦᠷᠭᠡ ᠬᠠᠷᠢᠭᠤᠴᠠᠯᠭ᠎ᠠ ᠶᠢᠨ ᠵᠠᠭᠠᠭ ᠬᠢᠵᠠᠭᠠᠷ ᠢ ᠲᠤᠳᠤᠷᠬᠠᠶᠢᠯᠠᠨ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠴᠢᠩᠳᠠᠯᠠᠬᠤ ᠬᠡᠷᠡᠭᠲᠡᠢ︔ ᠠᠶᠤᠯᠭᠦᠢ ᠦᠢᠯᠡᠳᠪᠦᠷᠢᠯᠡᠯ ᠤᠨ ᠴᠡᠭᠴᠡᠯᠡᠨ ᠵᠠᠰᠠᠬᠤ ᠰᠢᠰᠲ᠋ᠧᠮ ᠢ ᠪᠦᠬᠦ ᠲᠠᠯ᠎ᠠ ᠪᠠᠷ ᠳᠠᠬᠢᠨ ᠴᠤᠬᠴᠠᠯᠠᠵᠦ᠂ ᠠᠶᠤᠯ ᠲᠦᠭᠰᠢᠭᠦᠷᠢ ᠶᠢ ᠪᠠᠶᠢᠩᠭᠤᠵᠢᠭᠤᠯᠤᠨ ᠪᠠᠶᠢᠴᠠᠭᠠᠬᠤ᠂ ᠠᠰᠠᠭᠤᠳᠠᠯ ᠢ ᠤᠨᠢᠨ ᠳᠡᠭᠡᠷ᠎ᠡ ᠨᠢ ᠢᠯᠡᠷᠡᠭᠦᠯᠦᠨ ᠰᠢᠢᠳᠪᠦᠷᠢᠯᠡᠬᠦ᠂ ᠭᠡᠮ ᠰᠣᠭᠤᠭ ᠢ ᠪᠢᠳᠡᠬᠦᠮᠵᠢᠯᠡᠨ ᠴᠡᠭᠴᠡᠯᠡᠨ ᠰᠠᠶᠢᠵᠢᠷᠠᠭᠤᠯᠬᠤ ᠵᠡᠷᠭᠡ ᠲᠣᠭᠲᠠᠴᠠ ᠶᠢ ᠲᠡᠬᠦᠯᠳᠡᠷᠵᠢᠬᠦᠯᠦᠨ ᠪᠦᠷᠢᠨᠰᠢᠬᠦᠯᠬᠦ ᠭᠡᠷᠡᠭᠳᠡᠢ᠃ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠦᠬᠦ ᠲᠠᠯ᠎ᠠ ᠪᠠᠷ ᠳᠠᠬᠢᠨ ᠴᠤᠬᠴᠠᠯᠠᠵᠦ᠂ ᠠᠵᠤ ᠠᠬᠤᠶᠢᠯᠠᠯ᠂ ᠰᠢᠰᠲ᠋ᠧᠮ ᠤᠨ ᠬᠢᠨᠠᠨ ᠬᠠᠮᠢᠶᠠᠷᠤᠯᠳᠠ ᠶᠢ ᠴᠢᠩᠭ᠎ᠠ ᠠᠩᠬᠠᠷᠴᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠨ᠂ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠦᠨᠡᠨ ᠬᠦ ᠲᠡᠭᠡᠭᠰᠢᠯᠡᠬᠦᠯᠬᠦ ᠬᠡᠷᠡᠭᠳᠡᠢ᠃ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠰᠢᠰᠲ᠋ᠧᠮ ᠢ ᠪᠦᠬᠦ ᠲᠠᠯ᠎ᠠ ᠪᠠᠷ ᠳᠠᠬᠢᠨ ᠴᠤᠬᠴᠠᠯᠠᠵᠦ᠂ ᠠᠮᠤᠷ ᠲᠦᠪᠰᠢᠨ ᠤ ᠪᠣᠯᠪᠠᠰᠤᠷᠠᠯ ᠤᠨ ᠴᠢᠨᠠᠷ ᠴᠢᠨᠰᠠᠭ᠎ᠠ ᠦᠷ᠎ᠡ ᠠᠰᠢᠭ ᠢ ᠲᠡᠭᠡᠭᠰᠢᠯᠡᠬᠦᠯᠦᠨ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠬᠠᠮᠲᠤᠷᠠᠯ ᠤᠨ ᠬᠦᠴᠦᠨ ᠢ ᠲᠦᠷᠭᠡᠨ ᠪᠦᠷᠢᠯᠳᠦᠭᠦᠯᠵᠦ᠂ ᠮᠥᠨ ᠴᠢᠨᠠᠷ ᠤᠨ ᠠᠮᠤᠷ ᠲᠦᠪᠰᠢᠨ ᠤ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠬᠦ ᠭᠡᠷᠡᠭᠳᠡᠢ᠃ ᠲᠤᠰ ᠤᠳᠠᠭᠠᠨ ᠤ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠳᠠᠯᠤᠨ ᠰᠢᠨᠵᠢᠯᠡᠬᠦ ᠪᠠᠷ ᠠᠵᠠ ᠲᠣᠬᠢᠶᠠᠯ ᠪᠣᠯᠭᠠᠵᠤ᠂ ᠭᠤᠣᠯ ᠰᠡᠳᠦᠪᠲᠦ ᠬᠥᠮᠦᠵᠢᠯ ᠢ ᠡᠴᠦᠰ ᠲᠤᠨᠢ ᠲᠤᠯᠲᠠᠯ᠎ᠠ ᠬᠢᠴᠢᠶᠡᠨ ᠠᠬᠢᠭᠤᠯᠵᠤ᠂ ᠠᠰᠠᠭᠤᠳᠠᠯ ᠳᠤ ᠰᠢᠭᠤᠳ ᠬᠠᠨᠳᠤᠨ᠂ ᠨᠢᠭᠡ ᠠᠴᠠ ᠨᠦᠬᠦᠭᠡ ᠶᠢ ᠵᠦᠢᠴᠢᠯᠡᠨ ᠮᠡᠳᠡᠵᠦ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠵᠤ᠂ ︽ᠲᠦᠷᠪᠡᠨ ᠰᠢᠰᠲ᠋ᠧᠮ︾᠎ ᠢ ᠲᠠᠬᠢᠨ ᠴᠤᠬᠴᠠᠯᠠᠬᠤ ᠲᠥᠰᠦᠯ ᠢ ᠲᠦᠷᠭᠡᠨ ᠲᠣᠭᠲᠠᠭᠠᠵᠤ᠂ ︽ᠴᠡᠭᠴᠡᠯᠡᠨ ᠰᠠᠶᠢᠵᠢᠷᠠᠭᠤᠯᠤᠭᠰᠠᠨ ᠬᠠᠭᠤᠳᠠᠰᠤ︾᠎ ᠶᠢ ︽ᠦᠷ᠎ᠡ ᠪᠦᠲᠦᠮᠵᠢ ᠶᠢᠨ ᠬᠠᠭᠤᠳᠠᠰᠤ︾ ᠪᠣᠯᠭᠠᠬᠤ ᠪᠠᠷ ᠴᠢᠷᠮᠠᠶᠢᠨ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠤ ᠦᠷ᠎ᠡ ᠪᠦᠲᠦᠭᠡᠯ ᠪᠣᠯᠭᠠᠨ ᠬᠤᠪᠢᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠪᠡ᠃         
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ