ᠡᠵᠡᠨ ᠬᠤᠷᠤᠭ᠎ᠠ ᠬᠤᠰᠢᠭᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠵᠡᠭᠦᠨ ᠡᠮᠦᠨ᠎ᠡ ᠬᠡᠰᠡᠭ ᠲᠤ ᠪᠠᠶᠢᠷᠢᠯᠠᠵᠤ᠂ | ᠵᠡᠭᠦᠨᠭᠠᠷ ᠤᠨ ᠰᠢᠷ᠎ᠠ ᠬᠥᠷᠥᠰᠥᠲᠦ ᠳᠣᠪᠣᠷᠬᠠᠭ ᠬᠢᠭᠡᠳ ᠮᠤᠤᠠᠤᠰᠤ ᠡᠯᠡᠰᠦᠨ ᠴᠥᠯ ᠤᠨ ᠬᠤᠶᠢᠲᠤ ᠬᠡᠰᠡᠭ ᠤᠨ ᠠᠭᠤᠯᠵᠠᠷ ᠣᠷᠣᠨ ᠳᠤ ᠣᠷᠣᠰᠢᠵᠤ ᠪᠠᠶᠢᠨ᠎ᠠ᠃ | ᠡᠵᠡᠨ ᠬᠤᠷᠤᠭ᠎ᠠ ᠬᠤᠰᠢᠭᠤᠨ ᠤ ᠭᠠᠵᠠᠷ ᠤᠨ ᠪᠠᠶᠢᠳᠠᠯ ᠤᠨ ᠲᠥᠷᠥᠯ ᠵᠦᠢᠯ ᠢ ᠪᠦᠲᠦᠭᠰᠡᠨ ᠰᠢᠯᠲᠠᠭᠠᠨ᠄ ᠢᠳᠡᠭᠳᠡᠯ ᠤᠨ ᠲᠣᠭᠲᠠᠴᠠ ᠶᠢᠨ ᠭᠠᠵᠠᠷ ᠤᠨ ᠪᠠᠶᠢᠴᠠ᠂ | ᠲᠣᠭᠲᠠᠴᠠ ᠶᠢᠨ ᠢᠳᠡᠭᠳᠡᠯ ᠤᠨ ᠭᠠᠵᠠᠷ ᠤᠨ ᠪᠠᠶᠢᠴᠠ ᠪᠠ ᠣᠪᠣᠭᠠᠷᠠᠯ ᠤᠨ ᠭᠠᠵᠠᠷ ᠤᠨ ᠪᠠᠶᠢᠴᠠ ᠭᠡᠵᠦ ᠬᠤᠪᠢᠶᠠᠨ᠎ᠠ︔ ᠬᠡᠯᠪᠡᠷᠢ ᠳᠦᠷᠰᠦ ᠶᠢᠨ ᠲᠥᠷᠥᠯ | ᠬᠡᠯᠪᠡᠷᠢ ᠪᠠᠷ᠄ ᠥᠨᠳᠦᠷᠯᠢᠭ ᠳᠣᠪᠣᠷᠬᠠᠭ᠂ ᠳᠣᠯᠭᠢᠶᠠᠯᠢᠭ ᠥᠨᠳᠦᠷᠯᠢᠭ᠂ ᠥᠨᠳᠥᠷ ᠲᠠᠯ᠎ᠠ ᠭᠠᠵᠠᠷ᠂ ᠨᠠᠭᠤᠷ ᠤᠨ ᠲᠤᠨᠤᠮᠠᠯ ᠲᠠᠯ᠎ᠠ ᠭᠠᠵᠠᠷ᠂ ᠭᠤᠣᠯ ᠮᠥᠷᠡᠨ ᠤ | ᠬᠥᠨᠳᠡᠢ ᠭᠠᠵᠠᠷ᠂ ᠡᠯᠡᠰᠦᠨ ᠴᠥᠯ ᠭᠡᠵᠦ ᠬᠤᠪᠢᠶᠠᠨ᠎ᠠ᠃ | ᠡᠵᠡᠨ ᠬᠤᠷᠤᠭ᠎ᠠ ᠣᠷᠳᠣᠰ ᠬᠤᠲᠠ ᠶᠢᠨ ᠳᠤᠮᠳᠠ ᠡᠮᠦᠨ᠎ᠡ ᠪᠡᠶ᠎ᠡ ᠳᠤ ᠪᠠᠶᠢᠷᠢᠯᠠᠵᠤ᠂ ᠶᠡᠷᠦᠩᠬᠡᠢ ᠲᠠᠯᠠᠪᠠᠶ ᠨᠢ 5600 ᠲᠡᠭᠰᠢ ᠳᠥᠷᠪᠡᠯᠵᠢᠨ ᠺᠢᠯᠣᠮᠧᠲᠷ | ᠪᠠᠶᠢᠵᠤ᠂ 7 ᠪᠠᠯᠭᠠᠰᠤ᠂ 138 ᠵᠠᠰᠠᠭ ᠵᠠᠬᠢᠷᠭᠠᠨ ᠤ ᠲᠣᠰᠬᠤᠨ ᠢ ᠬᠠᠷᠢᠶᠠᠯᠠᠵᠤ᠂ ᠪᠠᠶᠢᠩᠭᠤ ᠰᠠᠭᠤᠭ᠎ᠠ ᠬᠥᠮᠥᠨ ᠠᠮᠠ ᠨᠢ 25 ᠲᠦᠮᠡ ᠪᠠᠶᠢᠵᠤ᠂ ᠡᠭᠦᠨ ᠳᠤ | ᠴᠥᠭᠡᠨ ᠲᠣᠭᠠᠲᠤ ᠦᠨᠳᠦᠰᠦᠲᠡᠨ 1.4 ᠲᠦᠮᠡ ᠪᠣᠶ᠃ | ᠡᠳ᠋ ᠡᠷᠳᠡᠨᠢᠰ ᠡᠯᠪᠡᠭ ᠳᠡᠯᠪᠡᠭ᠂ ᠡᠬᠢ ᠪᠠᠶᠠᠯᠢᠭ ᠡᠯᠪᠡᠭ ᠳᠡᠯᠪᠡᠭ᠃ ᠢᠯᠠᠩᠭᠤᠶ᠎ᠠ ᠨᠡᠭᠦᠷᠡᠰᠦᠨ ᠤ ᠡᠬᠢ ᠪᠠᠶᠠᠯᠢᠭ ᠤᠨ ᠬᠡᠮᠵᠢᠶ᠎ᠡ ᠤᠯᠠᠨ᠂ ᠴᠢᠨᠠᠷ ᠰᠠᠶᠢᠨ᠂ | ᠮᠠᠯᠲᠠᠬᠤ ᠳᠤ ᠬᠢᠯᠪᠡᠷ ᠪᠠᠶᠢᠵᠤ᠂ ᠨᠢᠭᠡᠨᠲᠡ ᠪᠠᠶᠢᠴᠠᠭᠠᠨ ᠲᠣᠳᠣᠯᠠᠭᠰᠠᠨ ᠨᠡᠭᠦᠷᠡᠰᠦᠨ ᠤ ᠡᠬᠢ ᠪᠠᠶᠠᠯᠢᠭ ᠤᠨ ᠬᠠᠳᠠᠭᠠᠯᠠᠭᠳᠠᠴᠠ ᠪᠠᠷᠤᠭ 560 ᠳ᠋ᠦᠩᠰᠢᠭᠤᠷ ᠲᠣᠨ᠂ | ᠬᠠᠳᠠᠭᠠᠯᠠᠯᠲᠠ ᠶᠢᠨ ᠬᠠᠳᠠᠭᠠᠯᠠᠭᠳᠠᠴᠠ 325 ᠳ᠋ᠦᠩᠰᠢᠭᠤᠷ ᠲᠣᠨ᠂ ᠵᠢᠯ ᠳᠤ 2 ᠳ᠋ᠦᠩᠰᠢᠭᠤᠷ ᠲᠣᠨ ᠨᠡᠭᠦᠷᠡᠰᠦ ᠦᠢᠯᠡᠳᠪᠦᠷᠢᠯᠡᠵᠦ᠂ ᠪᠦᠬᠦ ᠤᠯᠤᠰ ᠤᠨ | ᠭᠤᠷᠪᠠᠳᠤᠭᠠᠷ ᠲᠣᠮᠣ ᠨᠡᠭᠦᠷᠡᠰᠦ ᠦᠢᠯᠡᠳᠪᠦᠷᠢᠯᠡᠬᠦ ᠰᠢᠶᠠᠨ ᠪᠠ ᠤᠯᠤᠰ ᠤᠨ ᠴᠢᠬᠤᠯᠠ ᠡᠨᠧᠷᠭᠢ ᠶᠢᠨ ᠪᠠᠶᠢᠯᠳᠤᠬᠤ ᠪᠣᠳᠣᠯᠭ᠎ᠠ ᠶᠢᠨ ᠰᠠᠭᠤᠷᠢᠨ ᠭᠠᠵᠠᠷ ᠤᠨ ᠨᠢᠭᠡ | ᠪᠣᠯᠬᠤ ᠪᠥᠭᠡᠳ ᠥᠪᠥᠷ ᠮᠣᠩᠭᠤᠯ ᠤᠨ ᠴᠢᠬᠤᠯᠠ ᠴᠡᠪᠡᠷ ᠡᠨᠧᠷᠭᠢ ᠶᠢᠨ ᠭᠠᠷᠭᠠᠯᠲᠠ ᠶᠢᠨ ᠰᠠᠭᠤᠷᠢᠨ ᠭᠠᠵᠠᠷ ᠪᠣᠯᠣᠨ᠎ᠠ᠃ | ᠣᠷᠣᠨ ᠪᠠᠶᠢᠷᠢᠰᠢᠯ ᠳᠠᠪᠠᠭᠤᠯᠢᠭ᠂ ᠵᠠᠮ ᠬᠠᠷᠢᠯᠴᠠᠭ᠎ᠠ ᠳᠥᠭᠦᠮ ᠳᠥᠲᠡ᠃ ᠬᠥᠬᠡᠬᠤᠲᠠ ᠪᠤᠭᠤᠲᠤ ᠣᠷᠳᠣᠰ ᠲᠡᠮᠡᠭᠡᠲᠦ ᠬᠤᠲᠠ ᠶᠢᠨ ᠪᠥᠭᠡᠮᠨᠡᠷᠡᠯ ᠤᠨ | ᠳᠣᠲᠣᠷ᠎ᠠ ᠭᠠᠵᠠᠷ ᠲᠤ ᠪᠠᠶᠢᠷᠢᠯᠠᠵᠤ᠂ ᠣᠷᠳᠣᠰ ᠬᠤᠲᠠ ᠶᠢᠨ ᠬᠤᠲᠠ ᠶᠢᠨ ᠭᠤᠤᠯᠯᠠᠬᠤ ᠲᠣᠭᠤᠷᠢᠭ ᠤᠨ ᠴᠢᠬᠤᠯᠠ ᠪᠦᠷᠢᠯᠳᠦᠭᠦᠨ ᠬᠡᠰᠡᠭ ᠪᠠᠶᠢᠵᠤ᠂ ᠵᠠᠰᠠᠮᠠᠯ | ᠵᠠᠮ ᠤᠨ ᠶᠡᠷᠦᠩᠬᠡᠢ ᠣᠷᠳᠣ ᠨᠢ 4259 ᠺᠢᠯᠣᠮᠧᠲᠷ ᠲᠤ ᠬᠦᠷᠴᠦ᠂ ᠲᠡᠮᠦᠷ ᠵᠠᠮ ᠤᠨ ᠲᠡᠭᠡᠭᠡᠪᠦᠷᠢ ᠡᠵᠡᠩᠨᠡᠯᠲᠡ ᠶᠢᠨ ᠣᠷᠳᠣ ᠨᠢ 238 ᠺᠢᠯᠣᠮᠧᠲᠷ ᠲᠤ ᠬᠦᠷᠴᠦ᠂ | ᠣᠷᠳᠣᠰ ᠤᠨ ᠡᠵᠡᠨ ᠬᠤᠷᠤᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠪᠣᠯᠣᠨ ᠣᠷᠳᠣᠰ ᠤᠨ ᠭᠠᠯᠲᠤ ᠲᠡᠷᠭᠡᠨ ᠥᠷᠲᠡᠭᠡ ᠬᠢᠯᠢ ᠶᠢᠨ ᠳᠣᠲᠣᠷ᠎ᠠ ᠪᠠᠶᠢᠷᠢᠰᠢᠵᠤ᠂ | ᠰᠢᠭᠤᠳ ᠪᠡᠭᠡᠵᠢᠩ᠂ ᠱᠠᠩᠬᠠᠢ᠂ ᠭᠤᠸᠠᠩᠵᠧᠦ᠂ ᠰᠢ ᠠᠨ ᠵᠡᠷᠭᠡ ᠲᠣᠮᠣ ᠳᠤᠮᠳᠠ ᠬᠤᠲᠠ ᠳᠤ ᠬᠦᠷᠴᠦ ᠪᠣᠯᠬᠤ ᠪᠥᠭᠡᠳ ᠬᠥᠬᠡᠬᠤᠲᠠ ᠪᠤᠭᠤᠲᠤ ᠣᠷᠳᠣᠰ | ᠲᠡᠮᠡᠭᠡᠲᠦ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠴᠢᠬᠤᠯᠠ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠬᠦᠢᠰᠦ ᠪᠣᠯᠣᠨ᠎ᠠ᠃ | ᠠᠮᠢ ᠠᠬᠤᠢ ᠰᠠᠶᠢᠨ ᠰᠠᠶᠢᠬᠠᠨ᠂ ᠣᠷᠴᠢᠨ ᠠᠬᠤᠢ ᠭᠤᠶᠣ ᠰᠠᠶᠢᠬᠠᠨ᠃ ᠣᠲᠣ ᠶᠢᠨ ᠪᠠᠶᠢᠭ᠎ᠠ ᠣᠶᠢᠲᠤ ᠭᠠᠵᠠᠷ ᠤᠨ ᠲᠠᠯᠠᠪᠠᠶ 303.1 ᠲᠦᠮᠡᠨ ᠮᠦ᠂ | ᠲᠠᠯ᠎ᠠ ᠨᠤᠲᠤᠭ ᠤᠨ ᠲᠠᠯᠠᠪᠠᠶ 650 ᠲᠦᠮᠡᠨ ᠮᠦ᠂ ᠣᠶ ᠰᠢᠭᠤᠢ ᠶᠢᠨ ᠪᠦᠷᠬᠦᠴᠡ 36.4% ᠬᠦᠷᠴᠦ᠂ ᠤᠷᠭᠤᠮᠠᠯ ᠤᠨ ᠪᠦᠷᠬᠦᠴᠡ 88% ᠬᠦᠷᠴᠦ᠂ ᠴᠢᠩᠭᠢᠰ | ᠬᠠᠭᠠᠨ ᠤ ᠤᠯᠤᠰ ᠤᠨ ᠣᠶ ᠰᠢᠭᠤᠢ ᠶᠢᠨ ᠴᠡᠴᠡᠷᠯᠢᠭ ᠢ ᠠᠮᠵᠢᠯᠲᠠ ᠲᠠᠢ ᠪᠠᠶᠢᠭᠤᠯᠬᠤ ᠪᠠᠷ ᠡᠷᠡᠮᠡᠯᠵᠡᠯᠡᠵᠦ᠂ ︽ᠳᠤᠮᠳᠠᠳᠤ ᠤᠯᠤᠰ ᠤᠨ ᠠᠷᠪᠠᠨ ᠰᠢᠯᠢᠳᠡᠭ ᠪᠣᠬᠢᠷᠲᠤᠯ | ᠦᠭᠡᠢ ᠬᠤᠲᠠ︾ ︽ᠳᠤᠮᠳᠠᠳᠤ ᠤᠯᠤᠰ ᠤᠨ ᠪᠣᠬᠢᠷᠲᠤᠯ ᠦᠭᠡᠢ ᠨᠠᠷᠠᠲᠤ ᠬᠤᠰᠢᠭᠤ︾ ᠪᠠ ︽ᠤᠯᠤᠰ ᠤᠨ ᠴᠡᠴᠡᠷᠯᠢᠭ ᠤᠨ ᠰᠢᠶᠠᠨ ᠤ ᠬᠤᠲᠠ︾᠃ | ᠥᠨᠢ ᠤᠳᠠᠭᠠᠨ ᠰᠣᠶᠣᠯ ᠲᠠᠢ᠂ ᠭᠡᠷᠡᠯ ᠰᠠᠴᠤᠷᠠᠩᠭᠤᠢ ᠲᠡᠦᠬᠡ ᠲᠠᠢ᠃ ᠬᠢᠯᠢ ᠶᠢᠨ ᠳᠣᠲᠣᠷ᠎ᠠ ᠪᠥᠬᠦ ᠤᠯᠤᠰ ᠤᠨ ᠭᠤᠣᠯᠳᠠᠯᠭ᠎ᠠ ᠲᠠᠢ ᠲᠡᠦᠬᠡ ᠶᠢᠨ | ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠬᠡᠴᠢ᠂ ᠤᠯᠤᠰ ᠤᠨ 5A ᠲᠠᠰ ᠤᠨ ᠦᠵᠡᠮᠵᠢ ᠶᠢᠨ ᠣᠷᠣᠨ ᠪᠣᠯᠬᠤ ᠴᠢᠩᠭᠢᠰ ᠤᠨ ᠣᠩᠭᠤᠨ ᠤ | ᠵᠢᠭᠤᠯᠴᠢᠯᠠᠯ ᠤᠨ ᠣᠷᠣᠨ ᠪᠠ ᠣᠷᠳᠣᠰ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ᠂ ᠰᠤᠪᠤᠷᠭ᠎ᠠ ᠶᠢᠨ ᠲᠠᠯ᠎ᠠ ᠨᠤᠲᠤᠭ ᠤᠨ ᠵᠢᠭᠤᠯᠴᠢᠯᠠᠯ ᠤᠨ ᠣᠷᠣᠨ᠂ | ᠥᠪᠥᠷ ᠮᠣᠩᠭᠤᠯ ᠤᠨ ᠪᠤᠳ᠋ᠳ᠋ᠾᠠ ᠶᠢᠨ ᠱᠠᠰᠢᠨ ᠤ ᠰᠣᠶᠣᠯ ᠤᠨ ᠦᠵᠡᠰᠬᠦᠯᠡᠩ ᠤᠨ ᠬᠦᠷᠢᠶᠡᠯᠡᠩ ᠵᠡᠷᠭᠡ ᠤᠯᠤᠰ ᠤᠨ 4A ᠲᠠᠰ ᠤᠨ ᠵᠢᠭᠤᠯᠴᠢᠯᠠᠯ ᠤᠨ | ᠦᠵᠡᠮᠵᠢ ᠶᠢᠨ ᠣᠷᠣᠨ 3 ᠪᠠᠶᠢᠵᠤ᠂ ᠪᠦᠬᠦ ᠣᠷᠣᠨ ᠳᠤ ᠬᠠᠮᠤᠭ ᠤᠨ ᠪᠦᠷᠢᠨ ᠪᠦᠲᠦᠨ ᠬᠠᠳᠠᠭᠠᠯᠠᠭᠳᠠᠵᠤ ᠪᠠᠶᠢᠭ᠎ᠠ ᠵᠢᠶᠦ᠋ᠨ ᠸᠠᠩ ᠤᠨ ᠣᠷᠳᠣᠨ᠂ ᠣᠳᠣ ᠠᠴᠠ | 4000 ᠭᠠᠷᠤᠢ ᠵᠢᠯ ᠤᠨ ᠡᠮᠦᠨᠡᠬᠢ ︽ᠵᠢᠷᠦᠬᠡ ᠭᠤᠤᠯ ᠤᠨ ᠰᠣᠶᠣᠯ︾ ᠤᠨ ᠪᠠᠭᠤᠷᠢ ᠪᠠ ᠣᠳᠣ ᠠᠴᠠ 2000 ᠭᠠᠷᠤᠢ ᠵᠢᠯ ᠤᠨ ᠡᠮᠦᠨᠡᠬᠢ ᠪᠠᠶᠢᠯᠳᠤᠭᠠᠨᠲᠤ | ᠤᠯᠤᠰ ᠤᠨ ᠴᠢᠨ ᠤᠯᠤᠰ ᠤᠨ ᠴᠠᠭᠠᠨ ᠬᠡᠷᠡᠮ ᠤᠨ ᠪᠠᠭᠤᠷᠢ᠂ ᠪᠦᠬᠦ ᠤᠯᠤᠰ ᠤᠨ ᠬᠠᠮᠤᠭ ᠤᠨ ᠶᠡᠭᠡ ᠡᠯᠡᠰᠦᠨ ᠴᠥᠯ ᠤᠨ ᠴᠡᠩᠭᠡᠭ ᠨᠠᠭᠤᠷ ᠲᠡᠮᠡᠬᠡᠨ ᠬᠠᠳᠠᠨ | ᠴᠠᠭᠠᠨᠨᠠᠭᠤᠷ ᠪᠠ ᠤᠮᠠᠷᠠᠲᠤ ᠣᠷᠣᠨ ᠳᠤ ᠬᠤᠪᠣᠷᠬᠠᠨ ᠪᠠᠶᠢᠳᠠᠭ ᠤᠯᠠᠭᠠᠨᠨᠠᠭᠤᠷ ᠤᠨ ᠨᠤᠭᠤ ᠭᠠᠵᠠᠷ ᠵᠡᠷᠭᠡ ᠨᠢᠭᠡ ᠪᠦᠯᠦᠭ ᠲᠡᠦᠬᠡ᠂ ᠰᠣᠶᠣᠯ᠂ ᠱᠠᠰᠢᠨ ᠰᠤᠷᠲᠠᠬᠤᠨ | ᠪᠠ ᠪᠠᠶᠢᠭᠠᠯᠢ ᠶᠢᠨ ᠦᠵᠡᠮᠵᠢ ᠪᠠᠶᠢᠨ᠎ᠠ᠃ | ᠡᠨᠡ ᠭᠠᠵᠠᠷ ᠪᠣᠯ ᠳᠡᠯᠡᠬᠡᠢ ᠳᠡᠭᠡᠷᠡᠬᠢ ᠮᠣᠩᠭᠤᠯ ᠦᠨᠳᠦᠰᠦᠲᠡᠨ ᠤ ᠤᠯᠠᠮᠵᠢᠯᠠᠯᠲᠤ ᠶᠣᠰᠣ ᠵᠢᠷᠤᠮ ᠢ ᠬᠠᠮᠤᠭ ᠠᠴᠠ ᠪᠦᠷᠢᠨ ᠪᠦᠲᠦᠨ ᠬᠠᠳᠠᠭᠠᠯᠠᠵᠤ ᠪᠠᠶᠢᠭ᠎ᠠ | ᠭᠠᠵᠠᠷ ᠣᠷᠣᠨ ᠮᠥᠨ᠂ ᠮᠢᠩᠭᠠᠨ ᠵᠢᠯ ᠤᠯᠠᠮᠵᠢᠯᠠᠭᠳᠠᠭᠰᠠᠨ ︽ᠴᠢᠩᠭᠢᠰ ᠬᠠᠭᠠᠨ ᠤ ᠲᠠᠬᠢᠯᠭ᠎ᠠ︾ ᠪᠠ ᠥᠨᠢ ᠤᠳᠠᠭᠠᠨ ᠤᠯᠠᠮᠵᠢᠯᠠᠭᠳᠠᠭᠰᠠᠨ ︽ᠣᠷᠳᠣᠰ ᠬᠤᠷᠢᠮ︾ | ᠤᠨ ᠶᠣᠰᠣᠯᠠᠯ ᠢ ᠨᠢᠭᠡᠨᠲᠡ ᠨᠢᠭᠡᠳᠦᠭᠡᠷ ᠪᠦᠯᠦᠭ ᠤᠨ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠤᠨ ᠵᠢᠭᠰᠠᠭᠠᠯᠲᠠ ᠳᠤ | ᠣᠷᠣᠭᠤᠯᠤᠭᠰᠠᠨ ᠪᠠᠶᠢᠨ᠎ᠠ᠃ | | | | | |