ᠴᠢᠶᠣᠤ ᠰᠢᠶᠤᠤ ᠵᠢᠶᠦ᠋ᠨ ᠪᠥᠬᠦ ᠬᠤᠰᠢᠭᠤᠨ ᠤ 2024 ᠣᠨ ᠤ ᠭᠤᠤᠯᠳᠠᠯᠭ᠎ᠠ ᠲᠠᠢ ᠲᠥᠷᠥᠯ ᠵᠣᠶᠢᠯ ᠤᠨ ᠭᠠᠷᠳᠠᠮ ᠭᠦᠢᠴᠡᠳᠭᠡᠭᠰᠡᠨ ᠪᠠᠶᠢᠳᠠᠯ ᠳᠤ ᠲᠣᠬᠢᠷᠠᠭᠤᠯᠤᠯᠲᠠ ᠬᠢᠪᠠ
ᠨᠡᠶᠢᠲᠡᠯᠡᠭᠰᠡᠨ ᠴᠠᠭ᠄
2023/12/15
      12 ᠳ᠋ᠤᠭᠠᠷ ᠰᠠᠷ᠎ᠠ ᠶᠢᠨ 14᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠳᠠᠷᠤᠭ᠎ᠠ ᠴᠢᠶᠣᠤ ᠰᠢᠶᠤᠤ ᠵᠢᠶᠦ᠋ᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠰᠢᠭᠤᠨ ᠤ 2024 ᠣᠨ ᠤ ᠭᠤᠤᠯᠳᠠᠯᠭ᠎ᠠ ᠲᠠᠢ ᠲᠥᠷᠥᠯ ᠵᠣᠶᠢᠯ ᠤᠨ ᠭᠠᠷᠳᠠᠮ ᠭᠦᠢᠴᠡᠳᠭᠡᠭᠰᠡᠨ ᠪᠠᠶᠢᠳᠠᠯ ᠳᠤ ᠲᠣᠬᠢᠷᠠᠭᠤᠯᠤᠯᠲᠠ ᠬᠢᠪᠠ᠃
c63f08a7381d6610e71b00e89c2d417.jpg
      ᠴᠢᠶᠣᠤ ᠰᠢᠶᠤᠤ ᠵᠢᠶᠦ᠋ᠨ ᠴᠢᠬᠤᠯᠠᠴᠢᠯᠠᠭᠰᠠᠨ ᠨᠢ᠂ ᠡᠯ᠎ᠡ ᠬᠦᠷᠢᠶᠡᠯᠡᠩ ᠲᠣᠭᠤᠷᠢᠭ᠂ ᠡᠯ᠎ᠡ ᠪᠠᠯᠭᠠᠰᠤ ᠪᠣᠯᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠦᠷᠦᠯ ᠵᠦᠢᠯ ᠤᠨ ᠭᠠᠷᠳᠠᠮ ᠭᠦᠢᠴᠡᠳᠬᠡᠬᠦ ᠪᠠᠨ ᠲᠦᠷᠭᠡᠳᠬᠡᠵᠦ᠂ ᠦᠢᠯᠡᠴᠢᠯᠡᠭᠡᠨ ᠤ ᠤᠬᠠᠮᠰᠠᠷ ᠪᠣᠯᠤᠨ ᠦᠷ᠎ᠡ ᠪᠦᠲᠦᠮᠵᠢ ᠶᠢᠨ ᠤᠬᠠᠮᠰᠠᠷ ᠢᠶᠠᠨ ᠴᠢᠩᠭᠠᠳᠬᠠᠵᠤ᠂ ᠡᠯ᠎ᠡ ᠬᠠᠷᠢᠭᠤᠴᠠᠯᠭᠠᠳᠤ ᠪᠠᠶᠢᠭᠤᠯᠭ᠎ᠠ ᠨᠢᠭᠡᠴᠢ ᠶᠢᠨ ᠬᠢᠨ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠢ ᠬᠠᠪᠰᠤᠷᠤᠨ ᠪᠦᠷᠢᠯᠳᠦᠯ ᠤᠨ ᠭᠠᠷᠳᠠᠮ ᠭᠦᠢᠴᠡᠳᠬᠡᠬᠦ ᠶᠢ ᠲᠡᠭᠦᠯᠳᠡᠷᠵᠢᠭᠦᠯᠵᠦ᠂ ᠬᠢᠨᠠᠨ ᠵᠥᠪᠰᠢᠶᠡᠷᠡᠬᠦ ᠠᠬᠢᠴᠠ ᠪᠠᠨ ᠲᠦᠷᠭᠡᠳᠬᠡᠵᠦ᠂ ᠢᠷᠡᠬᠦ ᠵᠢᠯ ᠤᠨ 2 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠦᠷᠦᠯ ᠵᠦᠢᠯ ᠤᠨ ᠭᠠᠷᠳᠠᠮ ᠢ ᠦᠨᠳᠦᠰᠦᠨ ᠳᠤ ᠪᠠᠨ ᠭᠦᠢᠴᠡᠳᠬᠡᠵᠦ ᠳᠠᠭᠤᠰᠬᠠᠬᠤ ᠪᠠᠷ ᠴᠢᠷᠮᠠᠶᠢᠵᠤ᠂ ᠬᠠᠪᠤᠷ ᠡᠬᠢᠯᠡᠮᠡᠭᠴᠡ ᠠᠵᠢᠯ ᠢᠶᠠᠨ ᠡᠬᠢᠯᠡᠭᠦᠯᠬᠦ ᠶᠢ ᠪᠡᠶᠡᠯᠡᠭᠦᠯᠬᠦ ᠬᠡᠷᠡᠭᠲᠡᠢ᠃ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ  ᠦᠢᠯᠡᠳᠦᠯ ᠢ  ᠭᠦᠢᠴᠡᠳ ᠪᠠᠳᠠᠷᠠᠭᠤᠯᠵᠤ᠂ ᠡᠯ᠎ᠡ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠲᠣᠬᠢᠷᠠᠭᠤᠯᠬᠤ ᠡᠷᠴᠢᠮ ᠢᠶᠠᠨ ᠴᠢᠩᠭᠠᠷᠠᠭᠤᠯᠤᠨ᠂ ᠲᠥᠷᠥᠯ ᠵᠣᠶᠢᠯ ᠤᠨ ᠭᠠᠷᠳᠠᠮ ᠭᠦᠢᠴᠡᠳᠭᠡᠬᠦ ᠶᠠᠪᠤᠴᠠ ᠳᠤ ᠣᠷᠣᠰᠢᠵᠤ ᠪᠠᠶᠢᠭ᠎ᠠ ᠬᠦᠴᠢᠷ ᠠᠰᠠᠭᠤᠳᠠᠯ ᠲᠦᠭᠵᠢᠷᠡᠯ ᠤᠨ ᠠᠰᠠᠭᠤᠳᠠᠯ ᠢ ᠪᠡᠶ᠎ᠡ ᠪᠠᠷ ᠢᠶᠠᠨ ᠰᠤᠳᠤᠯᠤᠨ ᠰᠢᠢᠳᠪᠦᠷᠢᠯᠡᠬᠦ ᠶᠢ ᠠᠬᠢᠭᠤᠯᠵᠤ᠂ ᠲᠥᠷᠥᠯ ᠵᠣᠶᠢᠯ ᠤᠨ ᠠᠬᠢᠭᠤᠯᠤᠯᠲᠠ ᠬᠦᠴᠦᠯᠡᠴᠡ ᠲᠠᠢ᠂ ᠪᠥᠲᠥᠭᠡᠨ ᠪᠠᠶᠢᠭᠤᠯᠤᠯᠲᠠ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ᠃ ᠲᠦᠷᠦᠯ ᠵᠦᠢᠯ ᠤᠨ ᠪᠦᠬᠦ ᠬᠦᠴᠦᠨ ᠵᠦᠢᠯ ᠤᠨ ᠪᠠᠲᠤᠯᠠᠭ᠎ᠠ ᠶᠢ ᠦᠷᠭᠦᠯᠵᠢᠯᠡᠨ ᠴᠢᠩᠭᠠᠳᠬᠠᠵᠤ᠂ ᠤᠰᠤ᠂ ᠴᠠᠬᠢᠯᠭᠠᠨ᠂ ᠬᠡᠢ᠂ ᠴᠢᠮᠡᠭᠡ ᠬᠤᠯᠪᠤᠭ᠎ᠠ ᠂ᠳᠤᠯᠠᠭᠠᠯᠠᠭ᠎ᠠ ᠵᠡᠷᠭᠡ ᠲᠠᠯ᠎ᠠ ᠶᠢᠨ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢᠨ ᠬᠦᠴᠢᠷ ᠠᠰᠠᠭᠤᠳᠠᠯ ᠢ ᠥᠨᠳᠥᠷ ᠪᠦᠲᠦᠮᠵᠢᠲᠡᠢ ᠪᠠᠷ ᠰᠢᠢᠳᠪᠦᠷᠢᠯᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠦᠢᠯᠡᠴᠢᠯᠡᠭᠡ ᠬᠠᠩᠭᠠᠬᠤ ᠬᠡᠷᠡᠭᠲᠡᠢ᠃ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠮᠠᠭᠠᠳᠯᠠᠨ ᠲᠣᠭᠲᠠᠭᠠᠬᠤ ᠪᠠ ᠤᠯᠤᠰ ᠤᠨ ᠡᠨᠧᠷᠭᠢ ᠶᠢᠨ ᠨᠡᠭᠦᠷᠡᠰᠦ ᠶᠢ ᠰᠢᠭᠤᠳ ᠰᠢᠩᠭᠡᠨᠵᠢᠭᠦᠯᠦᠨ ᠲᠠᠰ ᠳᠡᠪᠰᠢᠭᠦᠯᠵᠦ ᠵᠢᠱᠢᠶ᠎ᠡ ᠦᠵᠡᠭᠦᠯᠬᠦ ᠵᠡᠷᠭᠡ ᠭᠤᠤᠯᠳᠠᠯᠭ᠎ᠠ ᠲᠠᠢ ᠠᠵᠢᠯ ᠪᠣᠯᠤᠨ ᠭᠤᠤᠯᠳᠠᠯᠭ᠎ᠠ ᠲᠠᠢ ᠲᠥᠷᠥᠯ ᠵᠣᠶᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ᠲᠥᠷᠥᠯ ᠵᠣᠶᠢᠯ ᠤᠨ ᠪᠥᠲᠥᠭᠡᠨ ᠪᠠᠶᠢᠭᠤᠯᠤᠯᠲᠠ ᠶᠢ ᠲᠣᠭᠲᠠᠭᠰᠠᠨ ᠴᠠᠭ ᠬᠤᠭᠤᠴᠠᠭ᠎ᠠ ᠪᠠᠷ ᠥᠨᠳᠥᠷ ᠪᠦᠲᠦᠮᠵᠢᠲᠡᠶ ᠠᠬᠢᠭᠤᠯᠬᠤ ᠶᠢ ᠪᠠᠲᠤᠯᠠᠬᠤ ᠬᠡᠷᠡᠭᠲᠡᠶ ᠭᠡᠪᠡ᠃      ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠳᠡᠳ᠋ ᠳᠠᠷᠤᠭ᠎ᠠ ᠮᠡᠨᠳᠦᠪᠠᠶᠠᠷ ᠵᠢᠴᠢ ᠡᠯ᠎ᠡ ᠬᠦᠷᠢᠶᠡᠯᠡᠩ ᠲᠣᠭᠤᠷᠢᠭ᠂ ᠡᠯ᠎ᠡ ᠬᠤᠯᠪᠤᠬᠳᠠᠯ ᠪᠦᠬᠦᠢ ᠪᠠᠯᠭᠠᠰᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ