ᠡᠤ ᠶᠦᠨ 2023 ᠣᠨ ᠤ 26 ᠳ᠋ᠤᠭᠠᠷ ᠤᠳᠠᠭᠠᠨ ᠤ ᠱᠦᠵᠢ ᠶᠢᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/15
      ᠥᠪᠡᠷᠲᠡᠭᠡᠨ ᠵᠠᠰᠠᠬᠤ ᠣᠷᠣᠨ᠂ ᠬᠤᠲᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠱᠤᠭᠤᠮ ᠤᠨ ᠬᠠᠮᠢᠶ᠎ᠠ ᠪᠥᠬᠦᠶ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠶᠢᠨ ᠲᠥᠯᠥᠭᠡ᠂ 12 ᠳ᠋ᠤᠭᠠᠷ ᠰᠠᠷ᠎ᠠ ᠶᠢᠨ 13᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠡᠤ ᠶᠦᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠱᠤᠭᠤᠮ ᠤᠨ ᠠᠵᠢᠯ ᠢ ᠪᠥᠬᠦ ᠲᠠᠯ᠎ᠠ ᠪᠠᠷ  ᠲᠤᠭᠤᠰᠢᠯᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃
d880b13c516d2c1630ae45258add7b4.jpg
      ᠡᠤ ᠶᠦᠨ ᠬᠡᠯᠡᠭᠰᠡᠨ ᠨᠢ᠂ ᠡᠵᠡᠨ ᠬᠤᠷᠤᠭ᠎ᠠ ᠬᠤᠰᠢᠭᠤ ᠪᠣᠯ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠪᠣᠯᠤᠨ᠎ᠠ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠥᠲᠥᠭᠡᠨ ᠪᠠᠶᠢᠭᠤᠯᠬᠤ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠵᠡᠷᠭᠡ ᠲᠠᠯ᠎ᠠ ᠪᠠᠷ ᠰᠢᠯᠢᠳᠡᠭ ᠤᠯᠠᠮᠵᠢᠯᠠᠯ ᠲᠠᠢ ᠶᠤᠮ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠱᠤᠭᠤᠮ ᠢ ᠪᠥᠬᠦ ᠲᠠᠯ᠎ᠠ ᠪᠠᠷ ᠲᠤᠭᠤᠰᠢᠯᠠᠭᠤᠯᠬᠤ ᠲᠠᠯ᠎ᠠ ᠪᠠᠷ ᠡᠮᠦᠨ᠎ᠡ ᠨᠢ ᠬᠤᠰᠢᠭᠤᠷᠠᠵᠤ᠂ ᠵᠢᠱᠢᠶ᠎ᠡ ᠦᠵᠡᠭᠦᠯᠬᠦ ᠬᠡᠷᠡᠭᠲᠡᠶ᠃ ᠡᠯ᠎ᠡ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠡᠵᠡᠮᠰᠢᠵᠦ᠂ ᠡᠨᠡ ᠬᠦ ᠭᠤᠣᠯ ᠱᠤᠭᠤᠮ ᠢ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠳᠤ ᠲᠤᠭᠤᠰᠢᠯᠠᠭᠤᠯᠬᠤ ᠶᠢᠨ ᠲᠦᠢᠯ ᠤᠨ ᠴᠢᠬᠤᠯᠠ ᠴᠢᠨᠠᠷ᠂ ᠠᠬᠤᠶᠢᠴᠢ ᠬᠠᠨᠳᠤᠯᠭᠠᠲᠤ ᠴᠢᠨᠠᠷ᠂ ᠣᠨᠴᠠᠭᠠᠢ ᠲᠤᠯᠭᠠᠮ ᠴᠢᠨᠠᠷ ᠢ ᠭᠦᠨᠵᠡᠭᠡᠢ ᠲᠠᠨᠢᠵᠤ᠂ ︽ᠭᠤᠷᠪᠠᠨ ᠰᠠᠯᠵᠤ ᠴᠢᠳᠠᠬᠤ ᠦᠭᠡᠢ︾᠂ ︽ᠲᠦᠷᠪᠡ ᠶᠢ  ᠬᠠᠮᠳᠤᠳᠬᠠᠬᠤ︾᠂ ︽ᠲᠠᠪᠤᠨ ᠬᠠᠮᠲᠤ ᠶᠢᠨ ᠲᠠᠨᠢᠯᠲᠠ︾ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠤᠷᠠᠳᠤᠭᠰᠠᠨ ︽ᠲᠤᠯᠤᠭᠠᠨ ᠲᠠᠯ᠎ᠠ ᠪᠠᠷ ᠵᠢᠱᠢᠶᠡᠴᠢ ᠪᠣᠯᠬᠤ︾᠎ ᠶᠢᠨ ᠦᠨᠳᠦᠰᠦᠨ ᠠᠭᠤᠯᠤᠭᠳᠠᠬᠤᠨ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠦᠨᠡᠨ ᠬᠦ ᠣᠶᠢᠯᠠᠭᠠᠵᠤ᠂ ᠲᠡᠷᠡ ᠨᠢ ᠶᠠᠭᠤ ᠪᠤᠯᠬᠤ ᠲᠡᠷᠡ ᠨᠢ ᠶᠠᠭᠠᠬᠢᠭᠠᠳ ᠲᠡᠶᠢᠮᠦ ᠪᠤᠯᠬᠤ ᠶᠢ ᠦᠨᠡᠨ ᠬᠦ ᠮᠡᠳᠡᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠭᠤᠷᠪᠠᠨ ᠳᠥᠷᠪᠡᠨ︾᠎ ᠤ ᠬᠠᠷᠠᠯᠲᠠ ᠶᠢ ᠨᠠᠶᠢᠳᠠᠪᠤᠷᠢᠵᠢᠭᠤᠯᠬᠤ᠂ ︽ᠰᠢᠨ᠎ᠡ ᠵᠠᠮ ᠨᠡᠭᠡᠭᠡᠵᠦ᠂ ᠵᠢᠱᠢᠶ᠎ᠡ ᠲᠠᠭᠤᠷᠢᠶᠠᠯ ᠦᠵᠡᠭᠦᠯᠬᠦ︾ ᠵᠡᠷᠭᠡ ᠭᠤᠣᠯᠳᠠᠯᠭ᠎ᠠ ᠲᠠᠢ ᠠᠵᠢᠯ ᠤᠨ ᠳᠤᠮᠳᠠ ᠪᠦᠬᠦ ᠲᠠᠯ᠎ᠠ ᠪᠠᠷ ᠰᠢᠰᠲ᠋ᠧᠮ ᠲᠠᠢ ᠢᠯᠡᠷᠡᠭᠦᠯᠵᠦ᠂ ᠭᠤᠣᠯ ᠱᠤᠭᠤᠮ ᠢ ᠲᠤᠭᠤᠰᠢᠯᠠᠭᠤᠯᠬᠤ ᠶᠢ ᠢᠷᠡᠬᠦ ᠵᠢᠯ ᠤᠨ ᠠᠵᠢᠯ ᠤᠨ ᠲᠥᠯᠥᠪᠯᠡᠭᠡ ᠪᠠ ᠭᠤᠣᠯᠳᠠᠯᠭ᠎ᠠ ᠳᠤ ᠪᠢᠴᠢᠨ ᠣᠷᠣᠭᠤᠯᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠪᠦᠬᠦ ᠬᠦᠴᠦᠨ ᠢᠶᠠᠷ ᠡᠭᠦᠳᠦᠨ ᠪᠠᠶᠢᠭᠤᠯᠵᠤ᠂ ᠭᠤᠣᠯ ᠱᠤᠭᠤᠮ ᠢ ᠲᠤᠭᠤᠰᠢᠯᠠᠭᠤᠯᠬᠤ ᠪᠠᠷ ᠳᠠᠮᠵᠢᠨ ᠠᠵᠢᠯ ᠢᠶᠠᠨ ᠦᠨᠡᠨ ᠪᠣᠳᠠᠲᠠᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠭᠤᠣᠯ ᠱᠤᠭᠤᠮ ᠢ ᠲᠤᠭᠤᠰᠢᠯᠠᠭᠤᠯᠬᠤ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠢ ᠡᠯ᠎ᠡ ᠪᠠᠶᠢᠭᠤᠯᠭ᠎ᠠ ᠨᠢᠭᠡᠴᠢ ᠶᠢᠨ ︽ᠭᠤᠷᠪᠠ ᠶᠢ ᠲᠣᠭᠲᠠᠭᠠᠬᠤ︾ ᠲᠥᠰᠦᠯ ᠳᠤ ᠪᠢᠴᠢᠵᠦ ᠣᠷᠣᠭᠤᠯᠬᠤ ᠶᠢ ᠲᠦᠷᠭᠡᠳᠬᠡᠵᠦ᠂ ᠡᠯ᠎ᠡ ᠪᠠᠶᠢᠭᠤᠯᠭ᠎ᠠ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠪᠡᠶ᠎ᠡ ᠪᠠᠷ ᠢᠶᠠᠨ ᠰᠤᠳᠤᠯᠤᠨ ᠪᠠᠶᠢᠷᠢᠯᠠᠭᠤᠯᠵᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠪᠠᠶᠢᠴᠠᠭᠠᠵᠤ ᠱᠠᠯᠠᠪᠳᠠᠭᠤᠯᠤᠨ ᠰᠢᠢᠳᠪᠦᠷᠢᠯᠡᠬᠦ᠂ ᠦᠷ᠎ᠡ ᠪᠦᠲᠦᠮᠵᠢ ᠶᠢ ᠮᠥᠷᠳᠡᠨ ᠠᠰᠠᠭᠤᠬᠤ ᠵᠡᠷᠭᠡ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠱᠤᠭᠤᠮ ᠢ ᠪᠦᠬᠦ ᠲᠠᠯ᠎ᠠ ᠪᠠᠷ ᠲᠤᠭᠤᠰᠢᠯᠠᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠪᠡ᠃
79cee89e5af998de3c6c781d6bfb37a.jpg
      ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠣᠷᠣᠯᠴᠠᠪᠠ᠃  
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ