︽ᠡᠵᠡᠨ ᠬᠤᠷᠤᠭ᠎ᠠ ᠬᠤᠰᠢᠭᠤᠨ ᠤ ᠣᠷᠳᠣᠰ ᠬᠤᠲᠠ ᠶᠢᠨ ᠪᠥᠬᠦ ᠤᠯᠤᠰ ᠤᠨ ᠲᠡᠷᠢᠭᠦᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠴᠤᠭᠴᠠᠯᠠᠬᠤ ᠭᠤᠤᠯᠳᠠᠯᠭᠠᠳᠤ ᠡᠭᠦᠷᠭᠡ ᠶᠢᠨ ᠵᠠᠳᠠᠯᠤᠯᠲᠠ ᠶᠢᠨ ᠲᠠᠩᠰᠠ︾ ᠪᠠ ︽ᠡᠵᠡᠨ ᠬᠤᠷᠤᠭ᠎ᠠ ᠬᠤᠰᠢᠭᠤᠨ ᠤ ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠪᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠢᠴᠢ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠬᠤᠷᠠᠯ ᠤᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠡᠭᠦᠷᠭᠡ ᠶᠢᠨ ᠵᠠᠳᠠᠯᠤᠯᠲᠠ ᠶᠢᠨ ᠨᠠᠷᠢᠨ ᠲᠠᠩᠰᠠ︾᠎ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/12/17
          ᠨᠢᠬᠡ᠂ ᠲᠤᠭᠳᠠᠭᠠᠭᠰᠠᠨ ᠠᠬᠤᠢ ᠪᠠᠶᠢᠳᠠᠯ ᠵᠢᠴᠢ ᠵᠤᠷᠢᠯᠭ᠎ᠠ      ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠢᠴᠢ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠬᠤ ᠶᠢᠨ ᠲᠥᠯᠥᠭᠡ᠂ ︽ᠳᠥᠷᠪᠡᠨ ᠣᠷᠴᠢᠨ ᠨᠥᠬᠦᠴᠡᠯ︾᠎ ᠢ ᠪᠠᠶᠢᠭᠤᠯᠵᠤ᠂ ︽ᠲᠠᠪᠤᠨ ᠰᠡᠳᠬᠢᠯ ᠤᠨ ᠨᠠᠷᠠᠲᠤ ᠲᠡᠮᠳᠡᠭ︾᠎ ᠢ ᠴᠤᠭᠴᠠᠯᠠᠵᠤ᠂ ᠨᠠᠩ ᠶᠡᠭᠡ ᠡᠷᠴᠢᠮ᠂ ᠨᠠᠩ ᠪᠣᠳᠠᠲᠠᠢ ᠠᠷᠭ᠎ᠠ ᠬᠡᠮᠵᠢᠶ᠎ᠡ᠂ ᠨᠠᠩ ᠥᠨᠳᠥᠷ ᠪᠠᠷᠢᠮᠵᠢᠶ᠎ᠠ ᠪᠠᠷ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠪᠠ ᠪᠦᠲᠦᠭᠡᠯᠴᠢ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠬᠥᠭᠵᠢᠭᠡᠵᠦ᠂ ᠡᠵᠡᠨ ᠬᠤᠷᠤᠭ᠎ᠠ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃      ᠬᠤᠶᠠᠷ᠂ ᠲᠤᠭᠳᠠᠭᠠᠭᠰᠠᠨ ᠦᠨᠳᠦᠰᠦᠯᠡᠯ     ︽ᠣᠷᠳᠣᠰ ᠬᠤᠲᠠ ᠶᠢᠨ ᠪᠥᠬᠦ ᠤᠯᠤᠰ ᠤᠨ ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠴᠤᠭᠴᠠᠯᠠᠬᠤ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠣᠷᠳᠣᠰ ᠵᠠᠰᠠᠭ ᠲᠠᠷᠬᠠᠭᠠᠭᠰᠠᠨ ﹇2022﹈ 167 ᠳ᠋ᠤᠭᠠᠷ ᠲᠣᠭᠠᠲᠤ︶ ᠪᠠ ︽ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠵᠢᠴᠢ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠬᠤᠷᠠᠯ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠭᠤᠤᠯᠳᠠᠯᠭᠠᠳᠤ ᠡᠭᠦᠷᠭᠡ ᠶᠢ ᠳᠠᠷᠤᠮᠠᠯᠯᠠᠨ ᠲᠠᠷᠬᠠᠭᠠᠬᠤ ᠲᠤᠬᠠᠢ ᠣᠷᠳᠣᠰ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠮᠡᠳᠡᠭᠳᠡᠯ︾ ︵ᠣᠷᠳᠣᠰ ᠬᠤᠳᠠᠯᠳᠤᠭ᠎ᠠ ᠡᠵᠡᠩᠨᠡᠬᠦ ᠳᠤᠭᠤᠶᠢᠯᠠᠩ ᠠᠯᠪᠠᠨ ᠲᠠᠷᠬᠠᠭᠠᠭᠰᠠᠨ ﹇2023﹈ 2 ᠳ᠋ᠤᠭᠠᠷ ᠲᠣᠭᠠᠲᠤ︶᠎ ᠢ ᠳᠠᠷᠤᠮᠠᠯᠯᠠᠨ ᠶᠠᠪᠤᠭᠤᠯᠬᠤ ᠪᠠᠷ ᠦᠨᠳᠦᠰᠦᠯᠡᠯ ᠪᠣᠯᠭᠠᠵᠤ᠂ ᠡᠵᠡᠨ ᠬᠤᠷᠤᠭ᠎ᠠ ᠬᠤᠰᠢᠭᠤᠨ ᠤ ᠪᠣᠳᠠᠲᠠᠢ ᠲᠠᠢ ᠤᠶᠠᠯᠳᠤᠭᠤᠯᠤᠨ ᠲᠣᠰ ᠲᠥᠰᠥᠯ ᠢ ᠲᠣᠭᠲᠠᠭᠠᠪᠠ᠃     ᠭᠤᠷᠪᠠ᠂ ᠭᠤᠣᠯ ᠠᠭᠤᠯᠭ᠎ᠠ     ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠭᠦᠷᠭᠡ ᠶᠢᠨ ᠲᠠᠩᠰᠠ ᠶᠢ ᠨᠠᠷᠢᠯᠢᠭᠵᠢᠭᠤᠯᠵᠤ᠂ ᠰᠠᠯᠠᠭ᠎ᠠ ᠮᠦᠴᠢᠷ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠ ᠰᠠᠯᠠᠭ᠎ᠠ ᠮᠦᠴᠢᠷ ᠤᠨ ᠴᠢᠬᠤᠯᠠ ᠤᠳᠤᠷᠢᠳᠤᠯᠭ᠎ᠠ ᠶᠢᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠵᠦᠢᠯ ᠤᠨ ᠡᠭᠦᠷᠭᠡ ᠶᠢᠨ ᠴᠠᠭ ᠤᠨ ᠬᠦᠰᠦᠨᠦᠭᠲᠦ᠂ ᠡᠭᠦᠷᠭᠡ ᠶᠢᠨ ᠵᠢᠷᠤᠭ ᠢ ᠲᠣᠳᠣᠷᠬᠠᠶᠢᠯᠠᠵᠤ᠂ ᠡᠯ᠎ᠡ ᠵᠦᠢᠯ ᠤᠨ ᠡᠭᠦᠷᠭᠡ ᠶᠢ ᠥᠨᠳᠥᠷ ᠪᠦᠲᠦᠮᠵᠢᠲᠡᠶ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃     ︵ᠬᠤᠶᠠᠷ︶ ᠠᠵᠢᠯ ᠤᠨ ᠲᠣᠬᠢᠷᠠᠭᠤᠯᠤᠯᠲᠠ ᠶᠢ ᠴᠢᠩᠭᠠᠳᠬᠠᠨ᠎ᠠ᠃ ᠲᠤᠰᠬᠠᠢ ᠠᠩᠭᠢ ᠪᠠᠷ ᠠᠬᠢᠭᠤᠯᠬᠤ ᠠᠵᠢᠯ ᠤᠨ ᠲᠣᠭᠲᠠᠴᠠ ᠶᠢ ᠪᠠᠷᠢᠮᠲᠠᠯᠠᠨ᠂ ᠲᠤᠰᠬᠠᠢ ᠠᠩᠭᠢ ᠬᠢᠭᠡᠳ ᠲᠤᠬᠠᠶᠢᠯᠠᠭᠰᠠᠨ ᠠᠵᠢᠯ ᠤᠨ ᠨᠢᠬᠡᠴᠢ᠂ ᠲᠦᠷᠦᠭᠦᠯᠡᠨ ᠭᠦᠢᠴᠡᠳᠬᠡᠬᠦ ᠨᠢᠬᠡᠴᠢ ᠬᠢᠭᠡᠳ ᠬᠠᠷᠢᠭᠤᠴᠠᠯᠭᠠᠲᠤ ᠨᠢᠬᠡᠴᠢ ᠶᠢᠨ ᠬᠤᠭᠤᠷᠣᠨᠳᠣᠬᠢ ᠨᠡᠪᠲᠡᠷᠡᠯᠴᠡᠨ ᠵᠣᠯᠭᠠᠭᠤᠯᠬᠤ᠂ ᠬᠠᠮᠵᠢᠯᠴᠠᠬᠤ ᠶᠢ ᠴᠢᠩᠭᠠᠳᠬᠠᠵᠤ᠂ ᠲᠥᠰᠥᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠬᠢᠭᠡᠳ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠪᠤᠰᠤᠳ ᠠᠵᠢᠯ ᠢ ᠣᠷᠭᠠᠨᠢᠭ ᠢᠶᠠᠷ ᠠᠭᠤᠰᠤᠯᠴᠠᠭᠤᠯᠤᠨ᠂ ᠨᠢᠭᠡ ᠴᠣᠭᠴᠠᠵᠢᠭᠤᠯᠤᠨ ᠠᠬᠢᠭᠤᠯᠵᠤ᠂ ᠡᠯ᠎ᠡ ᠵᠦᠢᠯ ᠤᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃     ︵ᠭᠤᠷᠪᠠ︶ ᠱᠠᠩᠨᠠᠵᠤ ᠲᠣᠷᠭᠠᠬᠤ ᠲᠣᠭᠲᠠᠴᠠ ᠶᠢ ᠪᠦᠷᠢᠨᠰᠢᠭᠦᠯᠦᠨ᠎ᠡ᠃ ᠠᠵᠢᠯ ᠤᠨ ᠨᠡᠶᠢᠲᠡᠯᠢᠭ ᠵᠢᠱᠢᠶ᠎ᠡ ᠶᠢ ᠰᠣᠩᠭᠤᠵᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠴᠢᠩᠭᠠᠳᠬᠠᠨ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠤᠨ ᠲᠡᠷᠢᠭᠦᠨ ᠤ ᠨᠢᠬᠡᠴᠢ ᠶᠢ ᠴᠠᠭ ᠲᠤᠬᠠᠢ ᠳᠤᠨᠢ ᠬᠥᠬᠢᠭᠦᠯᠦᠨ ᠱᠠᠩᠨᠠᠨ᠎ᠠ᠃ ᠬᠤᠳᠠᠯᠳᠤᠭ᠎ᠠ ᠡᠵᠡᠩᠨᠡᠬᠦ ᠣᠷᠴᠢᠨ  ᠨᠦᠬᠦᠴᠡᠯ ᠤᠨ ᠡᠳᠦᠷ ᠲᠤᠲᠤᠮ ᠤᠨ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠬᠤᠬᠢᠷᠠᠭᠤᠯᠤᠭᠰᠠᠨ ᠲᠣᠪᠣᠶᠢᠮ᠎ᠠ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠦᠨ ᠮᠡᠳᠡᠭᠳᠡᠵᠦ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠪᠣᠳᠠᠲᠤ ᠦᠷ᠎ᠡ ᠪᠦᠲᠦᠮᠵᠢ ᠶᠢ ᠦᠨᠡᠨᠬᠦ ᠪᠠᠲᠤᠯᠠᠨ᠎ᠠ᠃     ︵ᠳᠥᠷᠪᠡ︶ ᠤᠬᠢ ᠰᠠᠶᠢᠨ ᠠᠭᠤᠷ ᠠᠮᠢᠰᠬᠤᠯ ᠢ ᠪᠣᠶ ᠪᠣᠯᠭᠠᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠪᠠ ᠠᠵᠤ ᠠᠬᠤᠶᠢᠯᠠᠯ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢ ᠪᠥᠬᠦ ᠲᠠᠯ᠎ᠠ ᠪᠠᠷ ᠰᠢᠰᠲ᠋ᠧᠮ ᠲᠠᠢ ᠥᠷᠨᠢᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ᠤᠬᠠᠭᠤᠯᠭ᠎ᠠ ᠲᠠᠨᠢᠯᠴᠠᠭᠤᠯᠭ᠎ᠠ ᠶᠢ ᠪᠥᠬᠦ ᠬᠤᠰᠢᠭᠤᠨ ᠤ ᠤᠬᠠᠭᠤᠯᠭ᠎ᠠ ᠶᠢᠨ ᠠᠵᠢᠯ ᠤᠨ ᠭᠤᠣᠯᠳᠠᠯᠭ᠎ᠠ ᠳᠤ ᠣᠷᠣᠭᠤᠯᠵᠤ᠂ ᠨᠡᠶᠢᠲᠡᠯᠢᠭ ᠬᠡᠷᠡᠭ ᠤᠨ ᠵᠢᠱᠢᠶ᠎ᠡ ᠪᠠ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠮᠵᠢ ᠶᠢ ᠴᠠᠭ ᠲᠤᠬᠠᠢ ᠳᠤᠨᠢ ᠮᠡᠳᠡᠭᠡᠯᠡᠨ᠂ ᠡᠯ᠎ᠡ ᠲᠥᠷᠥᠯ ᠤᠨ ᠰᠣᠨᠢᠨ ᠮᠡᠳᠡᠭᠡᠨ ᠤ ᠵᠠᠭᠤᠴᠢᠯᠠᠭᠤᠷ ᠪᠠ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠤᠨ ᠦᠢᠯᠡᠳᠦᠯ ᠢ ᠪᠦᠲᠦᠮᠵᠢᠲᠡᠶ ᠪᠠᠳᠠᠷᠠᠭᠤᠯᠵᠤ᠂ ᠤᠬᠠᠭᠤᠯᠤᠨ ᠬᠥᠲᠥᠯᠥᠨ ᠵᠢᠯᠤᠭᠤᠳᠬᠤ ᠪᠠ ᠣᠯᠠᠨ ᠨᠡᠶᠢᠲᠡ ᠶᠢᠨ ᠳᠠᠮᠵᠢᠭᠤᠯᠭ᠎ᠠ ᠶᠢ ᠰᠠᠶᠢᠲᠤᠷ ᠬᠢᠵᠦ᠂ ᠢᠳᠡᠪᠬᠢ ᠬᠦᠴᠦᠨ ᠢ ᠳᠠᠮᠵᠢᠭᠤᠯᠵᠤ᠂ ᠤᠬᠢ ᠰᠠᠶᠢᠨ ᠠᠭᠤᠷ ᠠᠮᠢᠰᠬᠤᠯ ᠢ ᠪᠣᠶ ᠪᠣᠯᠭᠠᠨ᠎ᠠ᠃    ︵ᠲᠠᠪᠤ︶ ᠳᠠᠭᠠᠯᠳᠤᠭᠤᠯᠤᠯ᠃ ᠡᠭᠦᠨ ᠳᠤ ︽ᠡᠵᠡᠨ ᠬᠤᠷᠤᠭ᠎ᠠ ᠬᠤᠰᠢᠭᠤᠨ ᠤ ᠣᠷᠳᠣᠰ ᠬᠤᠲᠠ ᠶᠢᠨ ᠪᠥᠬᠦ ᠤᠯᠤᠰ ᠤᠨ ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠴᠤᠭᠴᠠᠯᠠᠬᠤ ᠭᠤᠤᠯᠳᠠᠯᠭᠠᠳᠤ ᠡᠭᠦᠷᠭᠡ ᠶᠢ ᠨᠠᠶᠢᠳᠠᠪᠤᠷᠢᠵᠢᠭᠤᠯᠬᠤ ᠵᠠᠳᠠᠯᠤᠯᠲᠠ ᠶᠢᠨ ᠨᠠᠷᠢᠨ ᠲᠠᠩᠰᠠ︾ ᠪᠠ ︽ᠡᠵᠡᠨ ᠬᠤᠷᠤᠭ᠎ᠠ ᠬᠤᠰᠢᠭᠤᠨ ᠤ ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠵᠢᠴᠢ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠬᠤᠷᠠᠯ ᠤᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠡᠭᠦᠷᠭᠡ ᠶᠢ ᠨᠠᠶᠢᠳᠠᠪᠤᠷᠢᠵᠢᠭᠤᠯᠬᠤ ᠵᠠᠳᠠᠯᠤᠯᠲᠠ ᠶᠢᠨ ᠨᠠᠷᠢᠨ ᠲᠠᠩᠰᠠ︾ ᠪᠠᠭᠲᠠᠨ᠎ᠠ᠃ 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ