ᠬᠤᠰᠢᠭᠤᠨ ᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ 88 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ ᠵᠢᠴᠢ 2023 ᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/20
      12 ᠳ᠋ᠤᠭᠠᠷ ᠰᠠᠷ᠎ᠠ ᠶᠢᠨ 19᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠡᠤ ᠶᠦᠨ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ 88 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ ᠵᠢᠴᠢ 2023 ᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠵᠤ ᠵᠢᠭᠠᠨ ᠵᠢᠯᠣᠭᠤᠳᠴᠤ  ᠦᠨᠡᠯᠡᠨ ᠂ ᠴᠢᠶᠣᠤ ᠰᠢᠶᠤᠤ ᠵᠢᠶᠦ᠋ᠨ᠂ ᠲᠢᠶᠠᠨ ᠹᠧᠨ ᠴᠢᠩ ᠵᠡᠷᠭᠡ ᠬᠤᠰᠢᠭᠤᠨ ᠤ ᠤᠳᠤᠷᠢᠳᠤᠯᠭ᠎ᠠ ᠬᠤᠷᠠᠯ ᠳᠤ ᠣᠷᠣᠯᠴᠠᠪᠠ᠃
0ad4642129243767f794d38a164593c.jpg
      ᠬᠤᠷᠠᠯ ᠳᠡᠭᠡᠷ᠎ᠡ᠂ ᠡᠤ ᠶᠦᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠪᠠᠶᠢᠳᠠᠯ ᠤᠨ ᠲᠤᠬᠠᠶ ᠲᠤᠰᠢᠶᠠᠯ ᠤᠨ ᠮᠡᠳᠡᠭᠦᠯᠦᠯᠲᠡ ᠬᠢᠵᠦ᠂ ᠬᠤᠯᠪᠣᠭᠳᠠᠯ ᠪᠥᠬᠦᠶ ᠬᠦᠷᠢᠶᠡᠯᠡᠩ ᠲᠣᠭᠤᠷᠢᠭ᠂ ᠡᠯ᠎ᠡ ᠪᠠᠯᠭᠠᠰᠤ ᠪᠣᠯᠤᠨ ᠰᠠᠯᠠᠭ᠎ᠠ ᠮᠥᠴᠢᠷ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠲᠠᠰ ᠳᠠᠷᠠᠭᠠᠯᠠᠨ ᠲᠤᠰᠢᠶᠠᠯ ᠤᠨ ᠮᠡᠳᠡᠭᠦᠯᠦᠯᠲᠡ ᠬᠢᠵᠦ᠂  ᠡᠣ ᠶᠦᠨ ᠨᠢᠭᠡᠳ ᠨᠢᠭᠡ ᠪᠠᠷ ᠦᠨᠡᠯᠡᠯᠲᠡ ᠬᠢᠵᠦ᠂ ᠼᠦᠢ ᠶᠦᠩ ᠫᠢᠩ᠂ ᠵᠢᠶᠠ ᠬᠠᠶ ᠵᠢᠶᠦ᠋ᠨ᠂ ᠵᠠᠩ ᠭᠦᠸᠧ ᠹᠠᠨ᠂ ᠸᠠᠩ ᠰᠡᠴᠡᠨ  ᠶᠡᠷᠦᠩᠬᠡᠶᠢᠯᠡᠭᠰᠡᠨ ᠦᠨᠡᠯᠡᠯᠲᠡ ᠬᠢᠪᠠ᠃ ᠬᠤᠷᠠᠯ ᠳᠡᠭᠡᠷ᠎ᠡ ᠪᠠᠰᠠ ᠲᠤᠰᠢᠶᠠᠯ ᠤᠨ ᠮᠡᠳᠡᠭᠦᠯᠦᠯᠲᠡ ᠬᠢᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠰᠢᠯᠭᠠᠨ ᠦᠨᠡᠯᠡᠪᠡ᠃       ᠡᠤ ᠶᠦᠨ ᠬᠡᠯᠡᠭᠰᠡᠨ ᠨᠢ᠂ ᠥᠩᠭᠡᠷᠡᠭᠰᠡᠨ ᠨᠢᠭᠡ ᠵᠢᠯ ᠳᠤ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠪᠣᠳᠠᠲᠤ ᠪᠠᠶᠢᠳᠠᠯ ᠳᠤ ᠰᠠᠭᠤᠷᠢᠯᠠᠨ᠂ ᠭᠤᠤᠯᠳᠠᠯᠭ᠎ᠠ ᠪᠠᠨ ᠳᠣᠪᠤᠶᠢᠯᠭᠠᠵᠤ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠦᠨ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠥᠬᠡᠶ ᠠᠬᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠬᠥᠲᠥᠯᠥᠨ ᠳᠠᠭᠠᠭᠤᠯᠬᠤ ᠪᠠ ᠦᠢᠯᠡᠴᠢᠯᠡᠬᠦ ᠴᠢᠳᠠᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠠᠬᠢᠭᠤᠯᠵᠤ᠂ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠬᠤ ᠠᠵᠢᠯ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠤᠯᠪᠠ ᠭᠡᠰᠡᠨ ᠪᠠᠶᠢᠨ᠎ᠠ᠃       ᠦ᠋ ᠶᠦᠨ ᠬᠡᠯᠡᠭᠰᠡᠨ ᠨᠢ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠡᠷᠡᠰ ᠭᠤᠶᠢᠪᠢᠰᠢ ᠦᠭᠡᠢ ᠴᠢᠩᠭᠠᠳᠬᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠱᠤᠭᠤᠮ ᠢ ᠡᠷᠡᠰ ᠲᠤᠭᠤᠰᠢᠯᠠᠭᠤᠯᠵᠤ᠂ ᠡᠯ᠎ᠡ ᠵᠦᠢᠯ ᠤᠨ ᠠᠵᠢᠯ ᠢ ᠴᠥᠮ ᠨᠢᠭᠲᠠ ᠤᠶᠠᠯᠳᠤᠭᠤᠯᠬᠤ ᠶᠢ ᠦᠨᠡᠨ ᠬᠦ ᠪᠠᠲᠤᠯᠠᠵᠤ᠂ ᠡᠨᠡ ᠬᠦ ᠭᠤᠣᠯ  ᠱᠤᠭᠤᠮ ᠠᠴᠠ ᠥᠴᠦᠬᠡᠨ ᠴᠦ ᠵᠠᠶᠢᠳᠠᠬᠤ ᠦᠭᠡᠢ ᠪᠠᠶᠢᠬᠤ ᠬᠡᠷᠡᠭᠲᠡᠢ᠃ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠪᠠᠲᠤᠲᠠᠢ ᠦᠢᠯᠡᠳᠦᠯᠭᠡᠵᠢᠭᠦᠯᠵᠦ᠂ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠵᠢᠯᠤᠭᠤᠳᠤᠯᠭ᠎ᠠ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃ ᠦᠨᠳᠦᠰᠦᠨ ᠱᠠᠲᠤᠨ ᠤ ᠲᠠᠶᠢᠴᠢᠨ ᠪᠠᠬᠢᠯᠡᠯᠲᠡ ᠶᠢ ᠪᠦᠬᠦ ᠲᠠᠯ᠎ᠠ ᠪᠠᠷ ᠪᠠᠶᠢᠭᠤᠯᠤᠨ ᠬᠦᠴᠦᠷᠬᠡᠭᠵᠢᠭᠦᠯᠵᠦ᠂ ︽ᠪᠠᠲᠤ ᠴᠢᠩᠭ᠎ᠠ ᠪᠠᠬᠢᠯᠡᠯᠲᠡ ᠶᠢᠨ ᠵᠢᠱᠢᠶᠡᠴᠢ ᠨᠠᠮ ᠤᠨ ᠡᠭᠦᠷ︾᠎ ᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ ᠳᠠᠪᠲᠠᠨ ᠪᠣᠯᠪᠠᠰᠤᠷᠠᠭᠤᠯᠵᠤ᠂ ︽ᠰᠣᠩᠭᠤᠨ ᠪᠤᠶᠢᠵᠢᠭᠤᠯᠬᠤ ᠲᠤᠰᠠᠲᠠᠢ ᠪᠠᠶᠢᠯᠭᠠᠬᠤ︾ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠬᠦᠯᠬᠦ ᠬᠡᠷᠡᠭᠲᠡᠢ᠃ ᠤᠯᠤᠰ ᠲᠦᠷᠦ ᠶᠢᠨ ᠰᠠᠬᠢᠯᠭ᠎ᠠ ᠪᠠᠲᠤ ᠪᠣᠯᠤᠨ ᠤᠯᠤᠰ ᠲᠦᠷᠦ ᠶᠢᠨ ᠶᠣᠰᠣ ᠲᠦᠷᠢᠮ ᠢ ᠴᠢᠨᠠᠭᠰᠢᠳᠠ ᠴᠢᠩᠳᠠᠯᠠᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠠᠵᠢᠯ ᠢ ᠴᠥᠬᠦᠷᠡᠰᠢ ᠦᠭᠡᠢ ᠰᠠᠶᠢᠲᠤᠷ ᠠᠳᠬᠤᠬᠤ ᠬᠡᠷᠡᠭᠲᠡᠢ᠃ ᠭᠤᠣᠯ ᠠᠵᠢᠯ ᠢ ᠠᠳᠬᠤᠬᠤ᠂ ᠭᠤᠣᠯ ᠬᠠᠷᠢᠭᠤᠴᠠᠯᠭ᠎ᠠ ᠶᠢ ᠴᠢᠩᠭᠠᠳᠬᠠᠬᠤ ᠴᠢᠩᠭ᠎ᠠ ᠤᠬᠠᠮᠰᠠᠷ ᠢ ᠢᠮᠠᠭᠲᠠ ᠪᠠᠲᠤᠯᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃       ᠬᠤᠷᠠᠯ ᠠᠴᠠ ᠪᠠᠰᠠ ᠭᠤᠤᠯ ᠰᠡᠳᠦᠪᠲᠦ ᠬᠥᠮᠦᠵᠢᠯ ᠤᠨ ᠪᠠᠶᠢᠴᠠᠭᠠᠨ ᠦᠵᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠬᠤᠯᠪᠣᠭᠳᠠᠯ ᠪᠥᠬᠦᠶ ᠶᠠᠪᠤᠳᠠᠯ ᠢ ᠰᠤᠳᠤᠯᠵᠤ᠂ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ᠃    
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ