ᠬᠤᠰᠢᠭᠤᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠠᠵᠢᠯ ᠢ ᠠᠬᠢᠭᠤᠯᠬᠤ ᠬᠤᠷᠠᠯ ᠵᠢᠴᠢ ᠤᠳᠤᠷᠢᠳᠬᠤ ᠳᠤᠭᠤᠶᠢᠯᠠᠩ ᠤᠨ ᠵᠢᠷᠭᠤᠳᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/20
    12 ᠳ᠋ᠤᠭᠠᠷ ᠰᠠᠷ᠎ᠠ ᠶᠢᠨ 19᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠠᠵᠢᠯ ᠢ ᠠᠬᠢᠭᠤᠯᠬᠤ ᠬᠤᠷᠠᠯ ᠵᠢᠴᠢ ᠤᠳᠤᠷᠢᠳᠬᠤ ᠳᠤᠭᠤᠶᠢᠯᠠᠩ ᠤᠨ ᠵᠢᠷᠭᠤᠳᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠬᠤᠷᠠᠯᠳᠤᠵᠤ᠂ ᠠᠵᠢᠯ ᠤᠨ ᠦᠷ᠎ᠡ ᠪᠦᠲᠦᠮᠵᠢ ᠶᠢ ᠳ᠋ᠦᠩᠨᠡᠨ ᠂ ᠤᠷᠤᠰᠢᠵᠦ ᠪᠠᠶᠢᠭ᠎ᠠ ᠠᠰᠠᠭᠤᠳᠠᠯ ᠢ ᠵᠠᠳᠠᠯᠵᠤ᠂ ᠲᠠᠷᠠᠭᠠᠴᠢ ᠶᠢᠨ ᠠᠯᠬᠤᠮ ᠤᠨ ᠠᠵᠢᠯ ᠢ ᠳᠠᠬᠢᠨ  ᠲᠤᠬᠢᠷᠠᠭᠤᠯᠤᠨ᠂ ᠳᠠᠬᠢᠨ ᠪᠠᠶᠢᠷᠢᠯᠠᠭᠤᠯᠵᠤ᠂ ᠳᠠᠬᠢᠨ ᠠᠬᠢᠭᠤᠯᠪᠠ᠃
186f9771297ee7f1e2907d442f387d1.jpg
    ᠬᠤᠲᠠ ᠶᠢᠨ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠭᠤᠷᠪᠠᠳᠤᠭᠠᠷ ᠬᠤᠯᠪᠣᠭ᠎ᠠ ᠠᠪᠬᠤ ᠳᠤᠭᠤᠶᠢᠯᠠᠩ ᠤᠨ ᠳᠠᠷᠤᠭ᠎ᠠ ᠵᠢᠶᠠᠨ ᠶᠦᠩ ᠺᠤᠸᠠᠨ ᠬᠤᠷᠠᠯ ᠳᠤ ᠣᠷᠣᠯᠴᠠᠵᠤ ᠵᠢᠭᠠᠨ ᠵᠢᠯᠤᠭᠤᠳᠴᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠡᠤ ᠶᠦᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠪᠥᠬᠦ ᠬᠤᠰᠢᠭᠤᠨ ᠤ ᠰᠢᠶᠠᠨ ᠭᠠᠵᠠᠷ ᠤᠨ ᠲᠡᠰ ᠤᠨ ᠤᠳᠤᠷᠢᠳᠤᠯᠭ᠎ᠠ ᠬᠤᠷᠠᠯ ᠳᠤ ᠤᠷᠤᠯᠴᠠᠨ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ  ᠬᠤᠰᠢᠭᠤ ᠳᠠᠷᠤᠭ᠎ᠠ ᠴᠢᠶᠣᠤ ᠰᠢᠶᠣᠤ ᠵᠢᠶᠦ᠋ᠨ ᠬᠤᠷᠠᠯ ᠢ ᠡᠷᠭᠢᠯᠡᠪᠡ᠃    ᠬᠤᠷᠠᠯ ᠠᠴᠠ ᠳᠡᠭᠡᠳᠦ ᠱᠠᠲᠤᠨ ᠤ ᠭᠤᠣᠯ ᠰᠡᠳᠦᠪᠲᠦ ᠬᠥᠮᠦᠵᠢᠯ ᠤᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠪᠣᠯᠤᠨ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠴᠤ ᠬᠠᠷᠢᠭᠤ ᠲᠤᠰᠬᠠᠭᠰᠠᠨ ᠰᠠᠨᠠᠯ ᠢ ᠤᠯᠠᠮᠵᠢᠯᠠᠪᠠ᠃ ᠮᠧᠩ ᠰᠤ᠋ ᠠᠵᠤ ᠠᠬᠤᠶ ᠶᠢᠨ ᠨᠡᠭᠡᠭᠡᠯᠲᠡ ᠶᠢᠨ ᠣᠷᠣᠨ᠂ ᠪᠠᠶᠢᠴᠠᠭᠠᠬᠤ ᠬᠤᠷᠢᠶ᠎ᠠ᠂   ᠠᠯᠳᠠᠨᠰᠢᠷᠡᠭᠡ ᠪᠠᠯᠭᠠᠰᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠵᠡᠮᠳᠡᠭᠴᠦᠳ ᠤᠨ ᠬᠤᠯᠪᠤᠭᠠᠳᠤ ᠬᠤᠷᠠᠯ ᠵᠡᠷᠭᠡ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠵᠡᠶ᠃
f20ffaacf9f86d2413101cad2a365d4.jpg
    ᠡᠤ ᠶᠦᠨ᠂ ᠪᠥᠬᠦ ᠬᠤᠰᠢᠭᠤ ᠪᠠᠷ ᠢᠶᠠᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ︽ᠪᠣᠳᠠᠲᠠᠶ︾ ᠪᠠᠶᠢᠬᠤ ᠱᠠᠭᠠᠷᠳᠠᠯᠭ᠎ᠠ ᠶᠢ ᠡᠵᠡᠮᠳᠡᠨ᠂ ᠣᠨᠣᠯ ᠢᠶᠠᠷ ᠵᠡᠪᠰᠡᠭᠯᠡᠬᠦ᠂ ᠪᠣᠳᠠᠲᠠᠶ ᠶᠢ ᠡᠷᠬᠢᠮᠯᠡᠨ ᠰᠤᠳᠤᠯᠤᠨ ᠶᠠᠷᠢᠯᠴᠠᠵᠤ ᠰᠣᠯᠢᠯᠴᠠᠬᠤ᠂ ᠤᠨᠢᠨ ᠲᠡᠭᠡᠷ᠎ᠡ ᠨᠢ ᠪᠠᠶᠢᠴᠠᠭᠠᠨ ᠰᠤᠳᠤᠯᠤᠯᠲᠠ ᠬᠢᠬᠦ ᠶᠢ ᠴᠢᠩᠭᠠᠳᠬᠠᠵᠤ᠂ ᠰᠤᠷᠤᠯᠴᠠᠯᠭ᠎ᠠ ᠪᠠᠶᠢᠴᠠᠭᠠᠨ ᠰᠤᠳᠤᠯᠤᠯᠲᠠ ᠶᠢᠨ ᠬᠠᠨᠳᠤᠯᠭᠠᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ ᠢ ᠲᠠᠰᠤᠷᠠᠯᠲᠠ ᠥᠬᠡᠶ ᠴᠢᠩᠭᠠᠳᠬᠠᠬᠤ ᠬᠡᠷᠡᠭᠲᠡᠶ᠃ ᠦᠷ᠎ᠡ ᠳ᠋ᠦᠩ ᠢ ᠣᠨᠳᠣᠣᠰᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠴᠡᠭᠴᠡᠯᠡᠨ ᠰᠠᠶᠢᠵᠢᠷᠠᠭᠤᠯᠤᠭᠰᠠᠨ︾ ᠦᠷ᠎ᠡ ᠪᠦᠲᠦᠮᠵᠢ ᠶᠢ ᠴᠢᠩᠭ᠎ᠠ ᠠᠩᠬᠠᠷᠴᠤ᠂ ᠠᠰᠠᠭᠤᠳᠠᠯ ᠢ ᠣᠨᠣᠪᠴᠢᠲᠠᠢ  ᠡᠷᠢᠨ᠂ ᠠᠷᠭ᠎ᠠ ᠬᠡᠮᠵᠢᠶ᠎ᠡ ᠶᠢ ᠪᠣᠳᠠᠲᠠᠢ ᠲᠣᠭᠲᠠᠭᠠᠵᠤ᠂ ᠴᠠᠭ ᠤᠨ ᠬᠢᠵᠠᠭᠠᠷ ᠢ ᠴᠢᠩᠭ᠎ᠠ ᠡᠵᠡᠮᠳᠡᠵᠦ᠂ ᠲᠣᠭᠲᠠᠴᠠ ᠶᠢ ᠪᠦᠷᠢᠨᠰᠢᠬᠦᠯᠦᠨ ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠭᠤᠣᠯ ᠰᠡᠳᠦᠪᠲᠦ ᠬᠥᠮᠦᠵᠢᠯ ᠤᠨ ᠪᠣᠳᠠᠲᠠᠢ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠣᠯᠠᠨ ᠲᠦᠮᠡᠨ ᠲᠠᠢ ᠣᠶᠢᠷᠠᠲᠤᠵᠤ᠂ ︽ᠣᠯᠤᠯᠲᠠ︾᠎ ᠶᠢᠨ ᠲᠥᠷᠥᠭᠳᠡᠯ ᠢᠶᠠᠨ ᠨᠡᠮᠡᠭᠳᠡᠭᠦᠯᠬᠦ ᠶᠢ ᠪᠠᠷᠢᠮᠳᠠᠯᠠᠨ᠂ ᠶᠡᠷᠦᠩᠬᠡᠶ ᠱᠠᠭᠠᠷᠳᠠᠯᠭ᠎ᠠ᠂ ᠠᠷᠭ᠎ᠠ ᠬᠡᠯᠪᠡᠷᠢ ᠪᠠ ᠲᠠᠰ ᠳᠠᠪᠬᠤᠷᠭ᠎ᠠ ᠲᠥᠷᠥᠯ ᠠᠩᠭᠢᠯᠠᠯ ᠢ ᠰᠠᠶᠢᠲᠤᠷ ᠡᠵᠡᠮᠳᠡᠵᠦ᠂ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠤᠯᠬᠡ ᠶᠢᠨ ᠠᠵᠢᠯᠯᠠᠭ᠎ᠠ ᠶᠢ ᠬᠦᠴᠦᠲᠡᠶ ᠪᠥᠭᠡᠳ ᠡᠮᠬᠢ ᠵᠢᠷᠤᠮ ᠲᠠᠢ ᠥᠷᠨᠢᠭᠦᠯᠬᠦ ᠬᠡᠷᠡᠭᠲᠡᠶ᠃ ᠬᠦᠴᠦᠯᠡᠨ ᠭᠦᠨᠵᠡᠭᠡᠶᠢᠷᠡᠭᠦᠯᠦᠨ ᠥᠷᠭᠡᠳᠬᠡᠵᠦ᠂ ︽ᠠᠭᠤᠰᠤᠯᠴᠠᠭᠤᠯᠬᠤ︾ ᠣᠨᠴᠠᠯᠢᠭ ᠢ  ᠲᠤᠪᠤᠶᠢᠯᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢ ᠭᠤᠣᠯ ᠰᠡᠳᠦᠪᠲᠦ ᠬᠥᠮᠦᠵᠢᠯ ᠳᠤ ᠭᠦᠨᠵᠡᠭᠡᠢ ᠠᠭᠤᠰᠤᠯᠴᠠᠭᠤᠯᠵᠦ᠂ ᠭᠤᠣᠯ ᠰᠡᠳᠦᠪᠲᠦ ᠬᠥᠮᠦᠵᠢᠯ ᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃ ᠴᠠᠯᠠᠭᠠᠶᠢᠷᠠᠨ ᠬᠤᠶᠢᠷᠭᠤᠰᠢᠬᠤ ᠤᠷᠮ᠎ᠠ ᠰᠡᠳᠬᠢᠯᠭᠡ ᠶᠢ ᠡᠷᠡᠰ ᠰᠡᠷᠭᠡᠶᠢᠯᠡᠵᠦ᠂ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠪᠣᠳᠠᠲᠠᠶᠢᠵᠢᠭᠤᠯᠤᠨ᠂ ᠴᠢᠩᠭ᠎ᠠ ᠬᠢᠨᠠᠯᠲᠠ ᠳᠡᠯᠪᠢᠨ ᠵᠢᠯᠣᠭᠤᠳᠴᠤ᠂ ᠤᠬᠠᠭᠤᠯᠵᠤ ᠬᠥᠲᠥᠯᠥᠨ ᠵᠢᠯᠣᠭᠤᠳᠬᠤ ᠶᠢ ᠰᠠᠶᠢᠲᠤᠷ ᠬᠢᠵᠦ᠂ ᠭᠤᠤᠯ ᠰᠡᠳᠦᠪᠲᠦ ᠬᠥᠮᠦᠵᠢᠯ ᠤᠨ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    ᠡᠯ᠎ᠡ ᠪᠠᠯᠭᠠᠰᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ᠂  ᠬᠤᠰᠢᠭᠤᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠪᠥᠬᠦ ᠪᠦᠷᠢᠯᠳᠦᠬᠦᠨ ᠬᠤᠷᠠᠯ ᠳᠤ ᠣᠷᠣᠯᠴᠠᠪᠠ᠃   
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ