ᠬᠤᠰᠢᠭᠤᠨ ᠤ ᠠᠷᠠᠳ ᠤᠨ ᠵᠠᠰᠠᠭ ᠤᠨ ᠣᠷᠳᠣᠨ 2023 ᠣᠨ ᠤ 16 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/21
      12 ᠳ᠋ᠤᠭᠠᠷ ᠰᠠᠷ᠎ᠠ ᠶᠢᠨ 20᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠳᠠᠷᠤᠭ᠎ᠠ ᠴᠢᠶᠣᠤ ᠰᠢᠶᠤᠤ ᠵᠢᠶᠦ᠋ᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 16 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠬᠦᠢᠳᠡᠨ ᠠᠭᠤᠷ ᠠᠮᠢᠰᠬᠤᠯ ᠪᠤᠯᠤᠨ ᠪᠣᠷᠣᠭᠠᠨ ᠴᠠᠰᠤ ᠮᠥᠰᠥᠲᠦᠯ ᠤᠨ ᠭᠠᠮᠰᠢᠭ ᠢ ᠰᠡᠷᠭᠡᠶᠢᠯᠡᠨ ᠠᠷᠭᠠᠴᠠᠭᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠰᠦᠨ ᠱᠤᠤ ᠴᠧᠩ ᠱᠦᠵᠢ ᠶᠢᠨ ᠤᠯᠠᠭᠠᠨᠬᠠᠳᠠ ᠳᠤ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠠᠬᠢ ᠶᠠᠷᠢᠶᠠᠨ ᠤ ᠵᠣᠷᠢᠭ ᠰᠠᠨᠠᠭ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠤᠯᠠᠮᠵᠢᠯᠠᠯ ᠢ ᠰᠤᠷᠤᠯᠴᠠᠨ ᠦᠢᠯᠡᠳᠤᠯᠬᠡᠵᠢᠬᠦᠯᠵᠦ᠂ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠭᠰᠡᠨ ᠤ ᠬᠠᠮᠳᠦ ᠠᠬᠤᠢ ᠲᠠᠯᠠᠪᠠᠢ ᠶᠢᠨ ᠠᠯᠪᠠᠯᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠶᠢ ᠠᠬᠢᠭᠤᠯᠬᠤ ᠲᠦᠷᠢᠮ︾᠎ ᠢ ᠬᠠᠮᠲᠤ ᠪᠠᠷ ᠰᠤᠷᠤᠯᠴᠠᠵᠦ᠂ ᠡᠯ᠎ᠡ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶᠠᠨ ᠤ ᠠᠵᠤ ᠠᠬᠤᠶ ᠶᠢᠨ ᠪᠠᠶᠢᠳᠠᠯ ᠤᠨ ᠲᠤᠬᠠᠶ ᠰᠢᠨᠵᠢᠯᠡᠬᠦ ᠤᠬᠠᠭᠠᠨᠴᠢ ᠮᠠᠭᠠᠳᠯᠠᠯᠲᠠ ᠪᠠ ᠢᠷᠡᠬᠦ ᠵᠢᠯ ᠤᠨ ᠠᠵᠤ ᠠᠬᠤᠶ ᠶᠢᠨ ᠠᠵᠢᠯ ᠤᠨ ᠲᠤᠬᠠᠶ ᠴᠢᠬᠤᠯᠠ ᠶᠡᠭᠡ ᠪᠠᠶᠢᠷᠢᠯᠠᠭᠤᠯᠤᠯᠲᠠ ᠶᠢ ᠭᠦᠨᠵᠡᠭᠡᠶ ᠣᠶᠢᠯᠠᠭᠠᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠠᠷᠢᠮᠳᠠᠯᠠᠨ᠂ ᠲᠣᠭᠲᠠᠭᠤᠨ ᠢ ᠠᠬᠢᠭᠤᠯᠬᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠪᠠᠷ ᠪᠥᠬᠦ ᠬᠤᠰᠢᠭᠤᠨ ᠤ ᠢᠷᠡᠬᠦ ᠵᠢᠯ ᠤᠨ ᠠᠵᠤ ᠠᠬᠤᠶ ᠶᠢᠨ ᠠᠵᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠠᠵᠤ ᠠᠬᠤᠶ ᠶᠢᠨ ᠰᠡᠷᠭᠦᠨ ᠳᠡᠭᠡᠭᠰᠢᠯᠡᠬᠦ ᠰᠠᠶᠢᠨ ᠪᠠᠶᠢᠳᠠᠯ ᠢ ᠲᠠᠰᠤᠷᠠᠯᠲᠠ ᠥᠬᠡᠶ ᠪᠠᠬᠢᠵᠢᠭᠦᠯᠦᠨ ᠴᠢᠩᠭᠠᠳᠬᠠᠬᠤ ᠬᠡᠷᠡᠭᠲᠡᠶ᠃ ᠴᠠᠭ ᠠᠭᠤᠷ ᠤᠨ ᠬᠤᠪᠢᠷᠠᠯᠲᠠ ᠶᠢ ᠰᠠᠶᠢᠳᠤᠷ ᠠᠩᠬᠠᠷᠴᠤ᠂ ᠬᠦᠢᠳᠡᠨ ᠴᠠᠭ ᠠᠭᠤᠷ ᠢ ᠢᠳᠡᠪᠬᠢᠲᠡᠶ ᠠᠷᠭᠠᠴᠠᠭᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠦᠨ᠂ ᠤᠰᠤ ᠬᠠᠩᠭᠠᠬᠤ ᠢᠯᠴᠢ ᠬᠠᠩᠭᠠᠬᠤ ᠴᠠᠬᠢᠯᠭᠠᠨ ᠬᠠᠩᠭᠠᠬᠤ ᠵᠡᠷᠭᠡ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠰᠠᠶᠢᠲᠤᠷ ᠬᠢᠵᠦ᠂ ᠭᠤᠤᠯᠳᠠᠯᠭ᠎ᠠ ᠲᠠᠢ ᠭᠠᠵᠠᠷ ᠲᠤ ᠲᠣᠭᠤᠷᠢᠨ ᠪᠠᠶᠢᠴᠠᠭᠠᠬᠤ ᠪᠠᠨ ᠴᠢᠩᠭᠠᠳᠬᠠᠨ᠂ ᠬᠤᠲᠠ ᠶᠢᠨ ᠠᠵᠢᠯᠯᠠᠭᠠᠨ ᠪᠠ ᠮᠠᠯᠵᠢᠬᠤ ᠲᠠᠷᠢᠶᠠᠯᠠᠬᠤ ᠣᠷᠣᠨ ᠤ ᠨᠡᠭᠦᠷᠡᠰᠦ ᠬᠡᠷᠡᠭᠯᠡᠵᠦ ᠳᠤᠯᠠᠭᠠᠯᠠᠬᠤ ᠵᠡᠷᠭᠡ ᠡᠯ᠎ᠡ ᠵᠤᠶᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠠᠵᠢᠯ ᠤᠨ ᠰᠡᠳᠬᠢᠬᠦᠢ᠂ ᠠᠵᠢᠯ ᠤᠨ ᠠᠷᠭ᠎ᠠ ᠬᠡᠮᠵᠢᠶ᠎ᠡ ᠪᠠᠨ ᠰᠢᠨᠡᠴᠢᠯᠡᠵᠦ᠂ ︽ᠬᠤᠶᠠᠷ ᠶᠡᠭᠡ ᠶᠠᠪᠤᠳᠠᠯ︾᠎ ᠢ ᠰᠠᠶᠢᠲᠤᠷ ᠬᠢᠬᠦ ᠪᠠᠷ ᠬᠦᠴᠦᠯᠡᠬᠦ ᠴᠡᠭ ᠪᠠ ᠲᠤᠰᠤᠯᠳᠠ ᠪᠣᠯᠭᠠᠵᠤ᠂ ᠠᠯᠢᠪᠠ ᠠᠰᠢᠭᠲᠠᠢ ᠠᠵᠠ ᠲᠣᠬᠢᠶᠠᠯ ᠢ ᠠᠮᠵᠢᠨ᠂ ᠠᠯᠢᠪᠠ ᠠᠰᠢᠭᠲᠠᠢ ᠨᠥᠬᠦᠴᠡᠯ ᠢ ᠠᠰᠢᠭᠯᠠᠵᠤ᠂ ᠵᠥᠪ ᠭᠡᠵᠦ ᠦᠵᠡᠪᠡᠯ ᠱᠠᠯᠠᠪᠳᠠᠨ ᠬᠢᠵᠦ᠂ ᠢᠯᠡᠭᠦᠦ ᠬᠢᠵᠦ ᠴᠢᠳᠠᠪᠠᠯ ᠢᠯᠡᠭᠦᠬᠡᠨ ᠬᠢᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠵᠡᠷᠭᠡ ᠡᠯ᠎ᠡ ᠵᠦᠢᠯ ᠤᠨ ᠠᠵᠢᠯ ᠤᠨ ᠲᠠᠯ᠎ᠠ ᠪᠠᠷ ᠡᠮᠦᠨ᠎ᠡ ᠎ ᠨᠢ ᠬᠤᠰᠢᠭᠤᠷᠠᠵᠤ᠂ ᠵᠢᠱᠢᠶ᠎ᠡ ᠦᠵᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠴᠤ᠂ ᠲᠥᠯᠥᠭᠡᠯᠡᠭᠴᠢᠳ᠂ ᠭᠡᠰᠢᠭᠦᠳ ᠲᠠᠢ ︽ᠨᠢᠭᠤᠷᠳᠠᠨ ᠶᠠᠷᠢᠯᠴᠠᠬᠤ︾᠎ ᠶᠢ ᠴᠢᠩᠭᠠᠳᠬᠠᠵᠤ᠂ ᠰᠢᠢᠳᠪᠤᠷᠢᠯᠡᠬᠦ ᠠᠷᠭ᠎ᠠ ᠬᠡᠮᠵᠢᠶ᠎ᠡ ᠶᠢ ᠬᠠᠮᠲᠤ ᠪᠠᠷ ᠵᠥᠪᠳᠡᠯᠴᠡᠨ᠂ ᠰᠢᠢᠳᠪᠤᠷᠢᠯᠡᠬᠦ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠰᠠᠨᠠᠭᠤᠯᠭ᠎ᠠ ᠳᠤᠷᠠᠳᠤᠯᠭ᠎ᠠ ᠶᠢᠨ ᠨᠢᠭᠤᠷᠳᠠᠨ ᠵᠥᠪᠳᠡᠯᠴᠡᠬᠦ ᠨᠣᠷᠮ᠎ᠠ᠂ ᠰᠢᠢᠳᠪᠤᠷᠢᠯᠡᠵᠤ ᠳᠠᠭᠤᠰᠬᠠᠬᠤ ᠨᠣᠷᠮ᠎ᠠ ᠪᠠ ᠬᠠᠨᠤᠮᠵᠢ ᠶᠢᠨ ᠨᠣᠷᠮ᠎ᠠ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠰᠢᠨ᠎ᠡ ᠪᠠᠷ ᠪᠠᠶᠢᠭᠤᠯᠤᠭᠰᠠᠨ ᠠᠭᠤᠷᠬᠠᠶ ᠶᠢᠨ ᠣᠷᠣᠨ ᠤ ᠨᠡᠭᠦᠳᠡᠯ ᠠᠷᠠᠳ ᠢ ᠲᠥᠪᠬᠢᠨᠡᠭᠦᠯᠬᠦ ᠣᠷᠣᠨ ᠰᠠᠭᠤᠴᠠ ᠶᠢᠨ ᠶᠠᠪᠤᠳᠠᠯ ᠢ ᠰᠤᠳᠤᠯᠵᠤ᠂ ᠬᠥᠭᠵᠢᠯᠲᠡ ᠶᠢᠨ ᠬᠡᠷᠡᠭᠴᠡᠭᠡ ᠪᠣᠯᠤᠨ ᠠᠷᠠᠳ ᠤᠨ ᠠᠮᠢᠳᠤᠷᠠᠯ ᠤᠨ ᠬᠦᠰᠡᠯ ᠡᠷᠡᠮᠡᠯᠵᠡᠯ ᠳᠤ ᠰᠠᠭᠤᠷᠢᠯᠠᠨ᠂ ᠡᠯ᠎ᠡ ᠲᠠᠯ᠎ᠠ ᠶᠢᠨ ᠡᠬᠢ ᠪᠠᠶᠠᠯᠢᠭ ᠢ ᠨᠢᠭᠡᠳᠦᠯᠲᠡᠶ ᠲᠥᠯᠥᠪᠵᠢᠭᠦᠯᠵᠦ᠂ ᠨᠢᠭᠲᠠ ᠬᠠᠮᠵᠢᠯᠴᠠᠨ᠂ ᠳᠡᠭᠡᠳᠦ ᠳᠤᠤᠷᠠᠳᠤ ᠱᠠᠲᠤ ᠬᠤᠯᠪᠣᠭᠠᠯᠠᠨ ᠬᠥᠳᠡᠯᠦᠯᠴᠡᠵᠦ᠂ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠠᠮᠢᠶᠠᠷᠴᠤ ᠰᠠᠶᠢᠲᠤᠷ ᠬᠡᠷᠡᠭᠵᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃       ᠬᠤᠷᠠᠯ ᠠᠴᠠ ᠪᠠᠰᠠ ᠡᠨᠧᠷᠭᠢ ᠨᠡᠭᠦᠷᠡᠰᠦᠲᠥ᠋ᠷᠥᠭᠴᠢ ᠶᠢ ᠬᠢᠨᠠᠨ ᠬᠡᠮᠵᠢᠬᠦ ᠲᠠᠪᠴᠠᠩ ᠤᠨ ᠪᠠᠶᠢᠭᠤᠯᠤᠯᠲᠠ ᠵᠡᠷᠭᠡ ᠪᠤᠰᠤᠳ ᠵᠦᠢᠯ ᠢ ᠰᠤᠳᠤᠯᠵᠠᠢ᠃                  
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ