ᠴᠢᠶᠣᠤ ᠰᠢᠶᠤᠤ ᠵᠢᠶᠦ᠋ᠨ ᠪᠦᠯᠬᠦᠮ ᠳᠠᠭᠠᠭᠤᠯᠤᠨ ᠠᠵᠤ ᠠᠬᠤᠶᠢᠯᠠᠯ ᠳᠤ ᠬᠦᠷᠴᠤ ᠦᠢᠯᠡᠴᠢᠯᠡᠵᠦ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠪᠠ
ᠨᠡᠶᠢᠲᠡᠯᠡᠭᠰᠡᠨ ᠴᠠᠭ᠄
2023/12/21
      12 ᠳ᠋ᠤᠭᠠᠷ ᠰᠠᠷ᠎ᠠ ᠶᠢᠨ 20᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠳᠠᠷᠤᠭ᠎ᠠ ᠴᠢᠶᠣᠤ ᠰᠢᠶᠤᠤ ᠵᠢᠶᠦ᠋ᠨ ᠪᠦᠯᠬᠦᠮ ᠳᠠᠭᠠᠭᠤᠯᠤᠨ ᠱᠧᠨ ᠬᠤᠸᠠ ᠣᠷᠳᠣᠰ ᠤᠨ ᠨᠡᠭᠦᠷᠡᠰᠦ ᠪᠠᠷ ᠲᠣᠰᠣ ᠤᠶᠢᠯᠡᠳᠬᠦ ᠬᠤᠪᠢᠶᠠᠷᠢ ᠺᠣᠮᠫᠠᠨᠢ ᠳᠤ ᠬᠦᠷᠴᠦ᠂ ᠲᠤᠬᠠᠶ ᠶᠢᠨ ᠲᠠᠯᠠᠪᠤᠷ ᠲᠤ ᠤᠯᠤᠰ ᠤᠨ ᠡᠨᠧᠷᠭᠢ ᠶᠢᠨ ᠨᠡᠭᠦᠷᠡᠰᠦ ᠶᠢ ᠰᠢᠭᠤᠳ ᠰᠢᠩᠭᠡᠨᠵᠢᠭᠦᠯᠦᠨ ᠲᠠᠰ ᠳᠡᠪᠰᠢᠭᠦᠯᠬᠦ ᠵᠢᠱᠢᠶ᠎ᠡ ᠦᠵᠡᠭᠦᠯᠬᠦ ᠵᠤᠶᠢᠯᠡᠰ ᠢ ᠳᠥᠯᠭᠢᠨ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠢ ᠵᠣᠬᠢᠴᠠᠭᠤᠯᠤᠨ ᠰᠢᠢᠳᠪᠤᠷᠢᠯᠡᠪᠡ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠯᠢ ᠵᠥᠩ᠂  ᠱᠧᠨ ᠬᠤᠸᠠ ᠣᠷᠳᠣᠰ ᠤᠨ ᠨᠡᠭᠦᠷᠡᠰᠦ ᠪᠠᠷ ᠲᠣᠰᠣ ᠤᠶᠢᠯᠡᠳᠬᠦ ᠬᠤᠪᠢᠶᠠᠷᠢ ᠺᠣᠮᠫᠠᠨᠢ ᠶᠢᠨ ᠶᠡᠷᠦᠩᠬᠡᠶ ᠳᠠᠭᠠᠭᠠᠮᠠᠯ ᠠᠨ ᠯᠢᠶᠠᠩ ᠵᠢᠴᠢ ᠬᠤᠯᠪᠤᠬᠳᠠᠯ ᠪᠥᠬᠦᠶ ᠬᠦᠷᠢᠶᠡᠯᠡᠩ ᠲᠣᠭᠤᠷᠢᠭ᠂ ᠪᠠᠯᠭᠠᠰᠤ᠂ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃      ᠠᠨ ᠯᠢᠶᠠᠩ ᠡᠵᠡᠨ ᠬᠤᠷᠤᠭ᠎ᠠ ᠬᠤᠰᠢᠭᠤᠨ ᠤ ᠤᠷᠳᠤ ᠬᠤᠭᠤᠴᠠᠭᠠᠨ ᠤ ᠲᠤᠷᠰᠢ ᠦᠵᠡᠭᠦᠯᠦᠭᠰᠡᠨ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠲᠦᠷᠦᠯ ᠵᠦᠢᠯ ᠤᠨ ᠦᠨᠳᠦᠰᠦᠨ ᠪᠠᠶᠢᠳᠠᠯ ᠢ ᠨᠠᠷᠢᠨ ᠲᠠᠨᠢᠯᠴᠠᠭᠤᠯᠵᠤ᠂ ᠣᠳᠣᠬᠠᠨ ᠳᠤ ᠰᠢᠢᠳᠪᠦᠷᠢᠯᠡᠬᠦ ᠴᠢᠬᠤᠯᠠᠲᠠᠢ ᠬᠦᠴᠢᠷᠳᠡᠯ ᠪᠣᠯᠤᠨ ᠠᠰᠠᠭᠤᠳᠠᠯ ᠢ ᠳᠤᠷᠠᠳᠴᠠᠢ᠃ ᠵᠠᠰᠠᠭ ᠤᠨ ᠣᠷᠳᠣᠨ ᠠᠴᠠ ᠲᠥᠷᠥᠯ ᠵᠤᠶᠢᠯ ᠤᠨ ᠤᠰᠤ ᠬᠡᠷᠡᠭᠯᠡᠬᠦ᠂ ᠭᠠᠵᠠᠷ ᠬᠡᠷᠡᠭᠯᠡᠬᠦ᠂ ᠭᠠᠷᠳᠠᠮ  ᠬᠦᠢᠴᠡᠳᠭᠡᠬᠦ ᠵᠡᠷᠭᠡ ᠲᠠᠯ᠎ᠠ ᠪᠠᠷ ᠤᠯᠠᠮ ᠨᠢᠭᠡ ᠠᠯᠬᠤᠮ ᠪᠠᠲᠤᠯᠠᠭ᠎ᠠ ᠣᠯᠭᠤᠵᠤ᠂ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠪᠥᠬᠦ ᠬᠦᠴᠦᠨ ᠢᠶᠠᠷ ᠢᠶᠠᠨ ᠲᠦᠷᠭᠡᠳᠬᠡᠵᠦ᠂ ᠲᠠᠰ ᠳᠡᠪᠰᠢᠭᠦᠯᠵᠦ ᠵᠢᠱᠢᠶ᠎ᠡ ᠦᠵᠡᠭᠦᠯᠬᠦ ᠲᠥᠷᠥᠯ ᠵᠤᠶᠢᠯ ᠢ ᠲᠦᠷᠭᠡᠬᠡᠨ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠵᠤ᠂ ᠣᠷᠣᠨ ᠨᠤᠲᠤᠭ ᠪᠠ ᠠᠵᠤ ᠠᠬᠤᠶᠢᠯᠠᠯ ᠤᠨ ᠬᠠᠷᠢᠯᠴᠠᠨ ᠠᠰᠢᠭ ᠬᠦᠷᠲᠡᠭᠡᠵᠦ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠬᠦ ᠶᠢ  ᠬᠦᠰᠡᠮᠵᠢᠯᠡᠪᠡ᠃
1e49f9f515cdb782e37ce4246b9fb4a.jpg
      ᠴᠢᠶᠣᠤ ᠰᠢᠶᠤᠤ ᠵᠢᠶᠦ᠋ᠨ ᠬᠡᠯᠡᠬᠦ ᠳᠡᠭᠡᠨ᠂ ᠤᠯᠤᠰ ᠤᠨ ᠡᠨᠧᠷᠭᠢ ᠶᠢᠨ ᠨᠡᠭᠦᠷᠡᠰᠦ ᠶᠢ ᠰᠢᠭᠤᠳ ᠰᠢᠩᠭᠡᠨᠵᠢᠭᠦᠯᠦᠨ ᠲᠠᠰ ᠳᠡᠪᠰᠢᠭᠦᠯᠬᠦ ᠵᠢᠱᠢᠶ᠎ᠡ ᠦᠵᠡᠭᠦᠯᠬᠦ ᠲᠥᠷᠥᠯ ᠵᠤᠶᠢᠯ ᠪᠣᠯ ᠤᠯᠤᠰ ᠤᠨ ᠡᠨᠧᠷᠭᠢ ᠶᠢᠨ ᠪᠠᠶᠢᠯᠳᠤᠬᠤ ᠪᠣᠳᠣᠯᠭ᠎ᠠ᠂ ᠠᠵᠤ ᠤᠶᠢᠯᠡᠰ ᠤᠨ ᠪᠠᠶᠢᠯᠳᠤᠬᠤ ᠪᠣᠳᠣᠯᠭ᠎ᠠ ᠳᠤ ᠬᠤᠯᠪᠣᠭᠳᠠᠬᠤ ᠴᠢᠬᠤᠯᠠ ᠶᠡᠭᠡ ᠲᠥᠷᠥᠯ ᠵᠤᠶᠢᠯ ᠮᠥᠨ᠂ ᠡᠵᠡᠨ ᠬᠤᠷᠤᠭ᠎ᠠ ᠬᠤᠰᠢᠭᠤᠨ ᠤ ᠠᠵᠤ ᠤᠶᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠪᠥᠬᠦ ᠬᠤᠰᠢᠭᠤ ᠪᠠᠷ ᠢᠶᠠᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠲᠦᠷᠭᠡᠳᠬᠡᠬᠦ ᠬᠡᠷᠡᠭᠲᠡᠶ᠃ ᠲᠤᠰᠬᠠᠶ ᠬᠥᠮᠦᠨ ᠲᠤᠰᠬᠠᠶ ᠠᠩᠭᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠲᠣᠭᠲᠠᠴᠠ ᠶᠢ ᠪᠠᠶᠢᠭᠤᠯᠵᠤ᠂ ᠠᠵᠢᠯ ᠤᠨ ᠶᠠᠪᠤᠴᠠ ᠶᠢ ᠨᠠᠷᠢᠯᠢᠬᠵᠢᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠯᠴᠡᠨ ᠵᠥᠪᠳᠡᠯᠴᠡᠵᠦ᠂ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠨ ᠂ ᠡᠯ᠎ᠡ ᠵᠤᠶᠢᠯ ᠤᠨ ᠠᠵᠢᠯ ᠢ ᠥᠨᠳᠥᠷ ᠪᠦᠲᠦᠮᠵᠢᠲᠡᠶ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠬᠦᠳᠡᠨ ᠳᠤ ᠨᠢ ᠬᠦᠷᠴᠤ ᠤᠶᠢᠯᠡᠴᠢᠯᠡᠬᠦ᠂ ᠡᠭᠦᠳᠡ ᠲᠣᠭᠰᠢᠵᠤ ᠠᠵᠢᠯ ᠶᠠᠪᠤᠳᠠᠯ ᠬᠦᠢᠴᠡᠳᠭᠡᠬᠦ ᠳᠤ᠂ ᠬᠠᠷᠢᠶ᠎ᠠ ᠭᠠᠵᠠᠷ ᠤᠨ ᠪᠠᠯᠭᠠᠰᠤ᠂ ᠬᠤᠯᠪᠤᠬᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠣᠰᠣᠭᠠᠷ᠂ ᠠᠵᠤ ᠠᠬᠤᠶᠢᠯᠠᠯ᠂ ᠤᠶᠢᠯᠡᠴᠢᠯᠡᠭᠡᠨ ᠤ ᠲᠥᠷᠥᠯ  ᠵᠤᠶᠢᠯ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠲᠥᠷᠥᠯ ᠵᠤᠶᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠬᠦᠢᠴᠡᠳᠭᠡᠬᠦ ᠪᠠ ᠬᠦᠴᠦᠨ ᠵᠤᠶᠢᠯ ᠤᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠶ᠃ ᠲᠣᠭᠲᠠᠭᠰᠠᠨ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠶᠣᠰᠣᠭᠠᠷ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ᠂ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠲᠦᠷᠭᠡᠳᠬᠡᠵᠦ᠂ ᠲᠥᠷᠥᠯ ᠵᠤᠶᠢᠯ ᠤᠨ ᠡᠷᠲᠡ ᠠᠵᠢᠯ ᠡᠬᠢᠯᠡᠭᠦᠯᠬᠦ᠂ ᠡᠷᠲᠡ ᠪᠠᠶᠢᠭᠤᠯᠵᠤ ᠲᠠᠭᠤᠰᠬᠠᠨ᠂ ᠡᠷᠲᠡ   ᠤᠶᠢᠯᠡᠳᠪᠤᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠰᠡᠨ ᠪᠠᠶᠢᠨ᠎ᠠ᠃          
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ