ᠣᠷᠳᠣᠰ ᠬᠤᠲᠠ ᠶᠢᠨ ᠳ᠋ᠦᠩ ᠹᠠᠩ ᠨᠡᠭᠦᠷᠡᠰᠦ ᠴᠠᠬᠢᠯᠭᠠᠨ ᠤ ᠪᠠᠯᠠ ᠣᠷᠣᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠡᠵᠡᠨ ᠬᠤᠷᠤᠭ᠎ᠠ ᠬᠤᠰᠢᠭᠤᠨ ᠳᠤ ᠨᠤᠳᠤᠭᠰᠢᠪᠠ
ᠨᠡᠶᠢᠲᠡᠯᠡᠭᠰᠡᠨ ᠴᠠᠭ᠄
2023/12/22
      12 ᠳ᠋ᠤᠭᠠᠷ ᠰᠠᠷ᠎ᠠ ᠶᠢᠨ 20᠎ ᠤ ᠡᠳᠦᠷ᠂ ᠣᠷᠳᠣᠰ ᠬᠤᠲᠠ ᠶᠢᠨ ᠳ᠋ᠦᠩ ᠹᠠᠩ ᠨᠡᠭᠦᠷᠡᠰᠦ ᠴᠠᠬᠢᠯᠭᠠᠨ ᠤ ᠪᠠᠯᠠ ᠣᠷᠣᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠡᠵᠡᠨ ᠬᠤᠷᠤᠭ᠎ᠠ ᠬᠤᠰᠢᠭᠤᠨ ᠤ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠶᠡᠷᠦᠩᠬᠡᠶ ᠬᠡᠯᠲᠡᠰ ᠤᠨ ᠠᠵᠤ ᠠᠬᠤᠶ ᠶᠢᠨ ᠰᠠᠭᠤᠷᠢᠨ ᠭᠠᠵᠠᠷ ᠲᠤ ᠨᠤᠳᠤᠭᠰᠢᠭᠰᠠᠨ ᠪᠥᠭᠡᠳ ᠫᠠᠶᠢᠰᠠ ᠰᠡᠬᠦᠬᠦ ᠶᠣᠰᠣᠯᠠᠯ ᠶᠠᠪᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠡᠤ ᠶᠦᠨ᠂ ᠬᠤᠸᠠ ᠳ᠋ᠢᠶᠠᠨ ᠨᠡᠭᠦᠷᠡᠰᠦᠨ ᠤ ᠦᠢᠯᠡᠰ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠸᠠᠩ ᠷᠦᠢ ᠬᠤᠷᠠᠯ ᠳᠤ ᠣᠷᠣᠯᠴᠠᠭᠰᠠᠨ ᠪᠥᠭᠡᠳ ᠫᠠᠶᠢᠰᠠ ᠰᠡᠬᠦᠪᠡ᠃ ᠬᠤᠲᠠ ᠶᠢᠨ ᠤᠯᠤᠰ ᠤᠨ ᠪᠡᠯᠡ ᠤᠷᠤᠭᠤᠯᠤᠯᠲᠠ ᠶᠢᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠭᠤᠤ ᠯᠢ ᠫᠢᠩ ᠵᠢᠴᠢ ᠬᠤᠰᠢᠭᠤᠨ ᠤ ᠤᠳᠤᠷᠢᠳᠤᠯᠭ᠎ᠠ ᠵᠤᠤ ᠸᠧᠢ᠂ ᠯᠢ ᠬᠦᠢ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃
6da9bee4f269d776516e83c579b984d.jpg
      ᠳᠠᠷᠠᠭ᠎ᠠ ᠨᠢ᠂ ᠬᠤᠶᠠᠷ ᠲᠠᠯ᠎ᠠ ᠪᠠᠷ ᠢᠶᠠᠨ ᠵᠠᠰᠠᠭ ᠠᠵᠤ ᠠᠬᠤᠶᠢᠯᠠᠯ ᠤᠨ ᠶᠠᠷᠢᠯᠴᠠᠬᠤ ᠬᠤᠷᠠᠯ ᠬᠤᠷᠠᠯᠳᠤᠭᠤᠯᠪᠠ᠃ ᠦ᠋ ᠶᠦᠨ᠂ ᠡᠵᠡᠨ ᠬᠤᠷᠤᠭ᠎ᠠ ᠬᠤᠰᠢᠭᠤ ᠶᠠᠭ ᠬᠡᠷᠡᠯ ᠴᠡᠨᠡᠭ ᠤᠨ ᠨᠥᠭᠡᠴᠡ ᠡᠨᠧᠷᠭᠢ ᠶᠢᠨ ︽ᠬᠤᠤᠰ ᠵᠠᠭᠤᠨ GW︾ ᠠᠵᠤ ᠦᠢᠯᠡᠰ ᠤᠨ ᠬᠡᠯᠬᠢᠶ᠎ᠡ ᠪᠣᠯᠤᠨ ︽ᠤᠮᠠᠷᠠᠲᠤ ᠬᠢᠯᠢ ᠶᠢᠨ ᠤᠰᠤᠳᠦ᠋ᠷᠦᠭᠴᠢᠳᠦ ᠬᠤᠲᠠ︾᠎ ᠶᠢ ᠪᠥᠬᠦ ᠬᠦᠴᠦᠨ ᠢᠶᠠᠷ ᠢᠶᠠᠨ ᠪᠠᠶᠢᠷᠢᠯᠠᠭᠤᠯᠤᠨ ᠪᠥᠲᠥᠭᠡᠨ ᠪᠠᠶᠢᠭᠤᠯᠵᠤ᠂ ᠨᠡᠭᠦᠷᠡᠰᠦᠨ ᠤ ᠠᠮᠤᠷ ᠲᠦᠪᠰᠢᠨ ᠥᠨᠳᠥᠷ ᠪᠦᠲᠦᠮᠵᠢᠲᠡᠶ ᠪᠣᠬᠢᠷᠲᠤᠯ ᠥᠬᠡᠶ ᠣᠶᠤᠨᠴᠢ ᠨᠡᠭᠡᠭᠡᠨ ᠠᠰᠢᠭᠯᠠᠯᠲᠠ ᠶᠢ ᠲᠦᠷᠭᠡᠳᠬᠡᠨ ᠠᠬᠢᠭᠤᠯᠵᠤ᠂ ᠤᠯᠠᠮᠵᠢᠯᠠᠯᠲᠤ ᠡᠨᠧᠷᠭᠢ ᠪᠣᠯᠤᠨ ᠰᠢᠨ᠎ᠡ ᠡᠨᠧᠷᠭᠢ ᠶᠢᠨ ᠬᠦᠷᠢᠶᠡᠨ ᠤ ᠬᠡᠷᠡᠭᠯᠡᠭᠡᠨ ᠤ ᠪᠠᠶᠢᠳᠠᠯ ᠢ ᠲᠠᠰᠤᠷᠠᠯᠲᠠ ᠥᠬᠡᠶ ᠪᠠᠶᠠᠯᠢᠬᠵᠢᠭᠤᠯᠤᠨ ᠲᠡᠭᠦᠯᠳᠡᠷᠵᠢᠭᠦᠯᠵᠦ᠂ ᠡᠬᠢ ᠪᠠᠶᠠᠯᠢᠭ ᠤᠨ ᠬᠡᠯᠪᠡᠷᠢ ᠶᠢᠨ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠨᠡᠭᠡᠭᠡᠪᠡ᠃ ᠲᠣᠰ ᠤᠳᠠᠭᠠᠨ ᠤ ᠳ᠋ᠦᠩ ᠹᠠᠩ ᠨᠡᠭᠦᠷᠡᠰᠦ ᠴᠠᠬᠢᠯᠭᠠᠨ ᠤ ᠪᠠᠯᠠ ᠣᠷᠣᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠤᠳᠤᠬᠰᠢᠬᠰᠠᠨ ᠶᠠᠪᠤᠳᠠᠯ ᠨᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠶᠡᠭᠡ ᠪᠠᠷ ᠠᠳᠬᠤᠭᠰᠠᠨ ᠤ ᠪᠣᠳᠠᠲᠠᠶ ᠢᠯᠡᠷᠡᠯ ᠪᠣᠯᠬᠤ ᠪᠥᠭᠡᠳ ᠪᠠᠰᠠ ᠴᠤ ᠶᠡᠷᠦᠩᠬᠡᠶ ᠬᠡᠯᠲᠡᠰ ᠤᠨ ᠠᠵᠤ ᠠᠬᠤᠶ ᠶᠢ ᠬᠥᠭᠵᠢᠭᠦᠯᠦᠭᠰᠡᠨ ᠪᠠᠰᠠ ᠨᠢᠭᠡᠨ ᠦᠷ᠎ᠡ ᠪᠦᠲᠦᠭᠡᠯ ᠪᠣᠯᠬᠤ ᠶᠤᠮ᠃ ᠡᠵᠡᠨ ᠬᠤᠷᠤᠭ᠎ᠠ ᠬᠤᠰᠢᠭᠤ ᠨᠢ ᠥᠩᠭᠡᠷᠡᠭᠰᠡᠨ ᠲᠠᠢ ᠪᠠᠨ ᠠᠳᠠᠯᠢ ᠪᠠᠷ ᠴᠢᠨᠠᠷ ᠰᠠᠶᠢᠲᠠᠶ ᠦᠢᠯᠡᠴᠢᠯᠡᠭᠡ ᠬᠠᠩᠭᠠᠵᠤ᠂ ᠲᠤᠰᠬᠠᠶ ᠠᠩᠭᠢ ᠪᠠᠶᠢᠭᠤᠯᠤᠨ᠂ ᠪᠠᠷᠢᠯᠭ᠎ᠠ ᠶᠢᠨ ᠬᠤᠭᠤᠴᠠᠭ᠎ᠠ ᠶᠢ ᠲᠤᠩᠭᠤᠷᠤᠭᠤᠯᠤᠨ ᠵᠢᠭᠰᠠᠭᠠᠵᠤ᠂ ᠵᠢᠷᠤᠭ ᠡᠯᠭᠦᠨ ᠪᠠᠶᠢᠯᠳᠤᠵᠤ᠂ ︽ᠡᠵᠡᠨ ᠬᠤᠷᠤᠭ᠎ᠠ ᠶᠢᠨ ᠬᠤᠷᠳᠤᠴᠠ︾᠎ ᠪᠠᠷ ᠲᠥᠷᠥᠯ ᠵᠣᠶᠢᠯ ᠤᠨ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃ ᠬᠤᠶᠠᠷ ᠲᠠᠯ᠎ᠠ ᠪᠠᠷ ᠢᠶᠠᠨ ᠲᠣᠰ ᠤᠳᠠᠭᠠᠨ ᠤ ᠠᠵᠤ ᠠᠬᠤᠶᠢᠯᠠᠯ ᠤᠨ ᠨᠤᠳᠤᠬᠰᠢᠬᠰᠠᠨ ᠢᠶᠠᠷ ᠠᠵᠠ ᠲᠣᠬᠢᠶᠠᠯ ᠪᠣᠯᠭᠠᠵᠤ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠨ᠂ ᠨᠢᠭᠡᠨᠲᠡ ᠪᠠᠶᠢᠷᠢᠰᠢᠭᠤᠯᠤᠭᠰᠠᠨ ᠰᠢᠨ᠎ᠡ ᠡᠨᠧᠷᠭᠢ ᠶᠢᠨ ᠠᠵᠤ ᠦᠢᠯᠡᠰ ᠤᠨ ᠡᠬᠢᠨ ᠤ ᠪᠠ ᠡᠴᠦᠰ ᠤᠨ ᠬᠡᠰᠡᠭ ᠤᠨ ᠲᠣᠭᠤᠷᠢᠨ ᠳᠤ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠵᠦ᠂ ᠣᠳᠣᠬᠢᠴᠢᠯᠠᠭᠰᠠᠨ ᠡᠵᠡᠨ ᠬᠤᠷᠤᠭ᠎ᠠ ᠶᠢ ᠪᠥᠲᠥᠭᠡᠨ ᠪᠠᠶᠢᠭᠤᠯᠬᠤ ᠳᠤ ᠨᠠᠩ ᠣᠯᠠᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠪᠠ᠃
2098e7a44a30c418cc33405dc2ff688.jpg
      ᠸᠠᠩ ᠷᠦᠢ ᠠᠴᠠ ᠬᠤᠸᠠ ᠳ᠋ᠢᠶᠠᠨ ᠨᠡᠭᠦᠷᠡᠰᠦᠨ ᠤ ᠦᠢᠯᠡᠰ ᠤᠨ ᠪᠦᠯᠦᠭᠯᠡᠯ ᠤᠨ ᠬᠥᠭᠵᠢᠯᠲᠡ ᠶᠢᠨ ᠪᠠᠶᠢᠳᠠᠯ ᠢ ᠨᠠᠷᠢᠨ ᠲᠠᠨᠢᠯᠴᠠᠭᠤᠯᠵᠤ᠂ ᠡᠵᠡᠨ ᠬᠤᠷᠤᠭ᠎ᠠ ᠬᠤᠰᠢᠭᠤᠨ ᠤ ᠬᠦᠴᠦᠲᠡᠶ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠬᠤᠸᠠ ᠳ᠋ᠢᠶᠠᠨ ᠨᠡᠭᠦᠷᠡᠰᠦᠨ ᠤ ᠦᠢᠯᠡᠰ ᠤᠨ ᠪᠦᠯᠦᠭᠯᠡᠯ ᠤᠨ ᠬᠢᠨ ᠡᠨᠧᠷᠭᠢ ᠶᠢᠨ ᠲᠥᠪ ᠤᠨ ᠠᠵᠤ ᠠᠬᠤᠶᠢᠯᠠᠯ ᠤᠨ ᠲᠤᠪᠤᠶᠢᠮ᠎ᠠ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠪᠠ ᠣᠷᠣᠨ ᠨᠤᠲᠤᠭ ᠤᠨ ᠬᠠᠮᠲᠤᠷᠠᠯᠴᠠᠭ᠎ᠠ ᠶᠢ ᠤᠯᠠᠮ ᠴᠢᠨᠠᠭᠰᠢᠳᠠ ᠬᠦᠨᠵᠡᠬᠡᠶᠢᠷᠡᠬᠦᠯᠦᠨ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠮᠢᠩᠭᠠᠨ ᠲᠦᠮᠡᠨ ᠲᠣᠨ ᠤ ᠲᠡᠰ ᠤᠨ ᠤᠶᠤᠨᠴᠢᠯᠠᠬᠰᠠᠨ᠂ ᠪᠣᠬᠢᠷᠲᠤᠯ ᠦᠭᠡᠢ ᠠᠭᠤᠷᠬᠠᠢ ᠶᠢ ᠲᠦᠷᠭᠡᠳᠬᠡᠨ ᠪᠠᠶᠢᠭᠤᠯᠵᠤ᠂ ᠡᠨᠧᠷᠭᠢ ᠶᠢ ᠨᠡᠭᠡᠭᠡᠨ ᠬᠥᠭᠵᠢᠭᠦᠯᠬᠦ ᠬᠦᠷᠢᠶᠡᠨ ᠤ ᠦᠯᠢᠭᠡᠷ ᠲᠠᠭᠤᠷᠢᠶᠠᠯᠳᠤ ᠢᠨᠵᠧᠨᠧᠷᠢᠩ ᠢ ᠴᠢᠷᠮᠠᠶᠢᠨ ᠪᠠᠶᠢᠭᠤᠯᠵᠤ᠂ ᠬᠤᠶᠠᠷ ᠲᠠᠯ᠎ᠠ ᠶᠢᠨ ᠡᠨᠧᠷᠭᠢ ᠪᠤᠯᠤᠨ ᠰᠢᠨ᠎ᠡ ᠡᠨᠧᠷᠭᠢ ᠶᠢᠨ ᠬᠦᠷᠢᠶᠡᠨ ᠳᠤ ᠨᠡᠩ ᠤᠯᠠᠨ ᠬᠠᠮᠲᠤᠷᠠᠯᠴᠠᠭᠠᠨ ᠤ ᠦᠷ᠎ᠡ ᠪᠦᠲᠦᠭᠡᠯ ᠤᠯᠬᠤ ᠶᠢ ᠠᠬᠢᠭᠤᠯᠤᠨ᠎ᠠ ᠭᠡᠰᠡᠨ ᠪᠠᠶᠢᠨ᠎ᠠ᠃
27a4ae9aa46a3e69264769ffda7b34e.jpg
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ