| ︽ᠤᠩᠰᠢᠬᠤ ᠪᠤᠯ ᠨᠤᠮ ᠪᠢᠴᠢᠭ ᠢ ᠨᠢᠳᠦᠯᠡᠨ ᠲᠠᠨᠢᠵᠤ ᠳᠠᠭᠤᠳᠠᠬᠤ︾ ᠭᠡᠵᠦ ᠲᠤᠯᠢ ᠪᠢᠴᠢᠭ ᠳᠡᠭᠡᠷ᠎ᠡ ᠲᠠᠶᠢᠯᠪᠤᠷᠢᠯᠠᠭᠰᠠᠨ ᠪᠠᠶᠢᠳᠠᠭ᠃ ᠡᠷᠲᠡᠨ ᠤ ᠬᠦᠮᠦᠰ | ︽ᠲᠦᠮᠡᠨ ᠳᠡᠪᠲᠡᠷ ᠨᠤᠮ ᠤᠩᠰᠢᠬᠤ ᠨᠢ ᠲᠦᠮᠡᠨ ᠭᠠᠵᠠᠷ ᠬᠤᠯᠠ ᠠᠶᠠᠯᠠᠭᠰᠠᠨ ᠲᠠᠢ ᠠᠳᠠᠯᠢ︾ ᠭᠡᠵᠦ ᠶᠠᠷᠢᠭᠰᠠᠨ ᠪᠠᠶᠢᠳᠠᠭ᠃ ᠬᠦᠨ ᠤᠬᠠᠭᠠᠨᠲᠠᠳ ᠪᠠᠰᠠ ︽ | ᠨᠤᠮ ᠳᠡᠪᠲᠡᠷ ᠪᠤᠯ ᠬᠦᠮᠦᠨ ᠲᠦᠷᠦᠯᠬᠢᠲᠡᠨ ᠤ ᠳᠠᠪᠰᠢᠬᠤ ᠱᠠᠲᠤ︾ ᠭᠡᠵᠦ ᠶᠠᠷᠢᠭᠰᠠᠨ ᠪᠠᠶᠢᠳᠠᠭ᠃ ᠲᠡᠭᠡᠪᠡᠯ ᠨᠤᠮ ᠤᠩᠰᠢᠬᠤ ᠨᠢ ᠴᠤᠬᠤᠮ ᠬᠡᠳᠦᠢ ᠴᠢᠬᠤᠯᠠ ᠪᠤᠢ | ︖ | ᠨᠢᠭᠡ ᠭᠠᠷᠠᠭ ᠤᠨ ᠴᠢᠯᠦᠭᠡ ᠪᠠᠷ ᠪᠢ ᠨᠤᠲᠤᠭ ᠲᠤ ᠪᠠᠨ ᠬᠠᠷᠢᠵᠤ᠂ ᠬᠤᠰᠢᠭᠤᠨ ᠤ ᠪᠠᠨ ᠮᠤᠩᠭᠤᠯ ᠨᠤᠮ ᠤᠨ ᠰᠠᠩ ᠳᠤ ᠵᠢᠭᠠᠨ ᠰᠤᠷᠭᠠᠯᠲᠠ ᠳᠤᠮᠳᠠ | ᠬᠡᠷᠡᠭᠯᠡᠬᠦ ᠪᠢᠴᠢᠭ ᠮᠠᠲ᠋ᠧᠷᠢᠶᠠᠯ ᠠᠪᠬᠤ ᠪᠠᠷ ᠤᠷᠤᠯ᠎ᠠ᠃ ᠲᠡᠷᠡ ᠨᠤᠮ ᠤᠨ ᠰᠠᠩ ᠤᠨ ᠡᠵᠡᠨ ᠨᠢ ᠤᠤᠯ ᠨᠢ ᠮᠢᠨᠦ ᠰᠤᠷᠤᠯᠴᠠᠵᠤ ᠦᠩᠭᠡᠷᠡᠭᠰᠡᠨ ᠳᠤᠮᠳᠠᠳᠤ | ᠰᠤᠷᠭᠠᠭᠤᠯᠢ ᠳᠤ ᠪᠠᠭᠰᠢᠯᠠᠵᠤ ᠪᠠᠶᠢᠭᠰᠠᠨ ᠤᠳᠠᠭᠠᠨ ᠵᠢᠯ ᠤᠨ ᠲᠤᠷᠰᠢᠯᠭ᠎ᠠ ᠲᠠᠢ ᠡᠪᠦᠭᠡᠨ ᠪᠠᠭᠰᠢ ᠪᠠᠶᠢᠯ᠎ᠠ᠃ ᠨᠠᠳᠠ ᠶᠢ ᠤᠷᠤᠵᠤ ᠤᠴᠢᠬᠤ ᠳᠤ ᠪᠠᠭᠰᠢ ᠲᠤᠶᠢᠯ ᠤᠨ | ᠳᠤᠲᠤᠨᠤᠰᠠᠭ ᠢᠶᠠᠷ ᠤᠭᠲᠤᠵᠤ᠂ ᠶᠠᠮᠠᠷ ᠲᠦᠷᠦᠯ ᠤᠨ ᠨᠤᠮ ᠠᠪᠬᠤ ᠲᠤᠬᠠᠢ ᠠᠰᠠᠭᠤᠨ ᠲᠠᠨᠢᠯᠴᠠᠭᠤᠯᠤᠯ᠎ᠠ᠃ ᠮᠢᠨᠦ ᠬᠡᠦᠬᠡᠳ ᠤᠨ ᠵᠢᠭᠠᠨ ᠰᠤᠷᠭᠠᠯᠲᠠ ᠶᠢᠨ ᠲᠤᠬᠠᠢ | ᠨᠤᠮ ᠠᠪᠬᠤ ᠶᠢ ᠦᠵᠡᠭᠡᠳ ᠪᠠᠭᠰᠢ ᠤᠳᠤ ᠶᠢᠨ ᠵᠢᠭᠠᠨ ᠰᠤᠷᠭᠠᠯᠲᠠ ᠶᠢᠨ ᠲᠤᠬᠠᠢ ᠨᠠᠳᠠ ᠲᠠᠢ ᠵᠤᠭᠤᠭᠳᠠᠨ ᠶᠠᠷᠢᠯᠴᠠᠯ᠎ᠠ᠃ ᠪᠢ᠄ ︽ᠪᠠᠭᠰᠢ ᠲᠠ ᠦᠪᠡᠷ ᠢᠶᠠᠨ | ᠨᠤᠮ ᠤᠨ ᠰᠠᠩ ᠨᠡᠭᠡᠭᠡᠴᠢᠭᠡᠭᠡᠳ ᠶᠠᠮᠠᠷ ᠭᠤᠶᠤ ᠪᠤᠢ︕ ᠨᠢᠭᠡ ᠲᠠᠯ᠎ᠠ ᠪᠠᠷ ᠨᠤᠮ ᠢᠶᠠᠨ ᠤᠩᠰᠢᠴᠢᠬᠠᠭᠰᠠᠨ᠂ ᠨᠢᠭᠡ ᠲᠠᠯ᠎ᠠ ᠪᠠᠷ ᠵᠤᠭᠤᠰ ᠬᠤᠨᠵᠢᠴᠢᠬᠠᠭᠰᠠᠨ ᠁ | ︾ ᠭᠡᠬᠦ ᠳᠤ ᠪᠠᠭᠰᠢ ᠶᠢᠨ ᠨᠢᠳᠦᠨ ᠳᠤ ᠵᠤᠪᠠᠨᠢᠯ ᠤᠨ ᠪᠠᠶᠢᠳᠠᠯ ᠢᠯᠡᠷᠡᠨ᠄ ︽ᠤᠳᠤ ᠨᠤᠮ ᠠᠪᠳᠠᠭ ᠬᠦᠮᠦᠨ ᠠᠯᠠᠭ᠎ᠠ ᠪᠤᠯᠤᠭᠰᠠᠨ᠂ ᠨᠤᠮ ᠤᠩᠰᠢᠳᠠᠭ ᠬᠦᠮᠦᠨ | ᠨᠡᠩ ᠴᠦ ᠴᠦᠭᠡᠷᠡᠭᠰᠡᠨ᠂ ᠤᠯᠠᠨ ᠨᠤᠮ ᠢ ᠪᠦᠷ ᠳᠠᠷᠤᠵᠤ ᠪᠠᠶᠢᠨ᠎ᠠ ᠰᠢᠦ︕︾ ᠭᠡᠵᠦ ᠭᠤᠨᠢᠭᠯᠠᠯᠲᠠᠢ ᠶᠠᠷᠢᠭᠠᠳ ᠳᠠᠬᠢᠨ᠄ ︽ᠪᠠᠭᠰᠢ ᠪᠤᠯᠤᠭᠰᠠᠨ ᠲᠠ ᠨᠠᠷ | ᠡᠷᠬᠡᠪᠰᠢ ᠬᠡᠦᠬᠡᠳ ᠤᠳ ᠢ ᠢᠯᠡᠭᠦᠦ ᠨᠤᠮ ᠤᠩᠰᠢᠬᠤ ᠳᠠᠳᠬᠠᠯ ᠲᠠᠢ ᠪᠤᠯᠭᠠᠬᠤ ᠡᠭᠦᠷᠭᠡ ᠲᠠᠢ ᠰᠢᠦ᠂ ᠤᠳᠤ ᠶᠢᠨ ᠵᠠᠯᠠᠭᠤ ᠪᠠᠭᠰᠢ ᠨᠠᠷ ᠡᠨᠡ ᠲᠠᠯ᠎ᠠ ᠶᠢ | ᠤᠮᠳᠠᠭᠠᠶᠢᠯᠠᠭᠠᠳ ᠪᠠᠶᠢᠬᠤ ᠶᠤᠮ︾ ᠭᠡᠬᠦ ᠳᠤ ᠪᠢ᠄ ︽ᠤᠳᠤ ᠶᠢᠨ ᠬᠡᠦᠬᠡᠳ ᠮᠤᠩᠭᠤᠯ ᠦᠭᠡ ᠪᠠᠨ ᠤᠯᠢᠭᠲᠠᠢ ᠰᠠᠶᠢᠬᠠᠨ ᠶᠠᠷᠢᠵᠤ ᠴᠢᠳᠠᠬᠤ ᠦᠭᠡᠢ ᠶᠤᠮ ᠴᠢᠨᠢ᠂ | ᠨᠤᠮ ᠤᠩᠰᠢᠭᠠᠳ ᠨᠡᠩ ᠤᠶᠢᠯᠠᠭᠠᠬᠤ ᠳᠤ ᠬᠦᠴᠢᠷ ᠪᠤᠯᠤᠭᠰᠠᠨ︾ ᠭᠡᠵᠦ ᠪᠡᠶ᠎ᠡ ᠪᠠᠨ ᠦᠮᠦᠭᠡᠷᠡᠨ ᠶᠠᠷᠢᠯ᠎ᠠ᠃ ᠪᠠᠭᠰᠢ ᠮᠢᠨᠢ ᠡᠶᠡᠯᠳᠡᠭ ᠢᠶᠠᠷ᠄ ︽ᠬᠡᠦᠬᠡᠨ ᠮᠢᠨᠢ᠂ | ᠪᠠᠭᠰᠢ ᠨᠢ ᠡᠳᠦᠢ ᠬᠦᠷᠦᠭᠡᠳ ᠪᠠᠰᠠ ᠵᠠᠷᠢᠮ ᠨᠤᠲᠤᠭ ᠤᠨ ᠤᠨᠴᠠᠯᠢᠭ ᠲᠠᠢ ᠨᠤᠮ ᠢ ᠤᠩᠰᠢᠬᠤ ᠳᠤ ᠤᠶᠢᠯᠠᠭᠠᠬᠤ ᠦᠭᠡᠢ ᠦᠭᠡ ᠭᠠᠷᠤᠭᠠᠳ ᠪᠠᠶᠢᠨ᠎ᠠ ᠰᠢᠦ᠂ | ᠭᠡᠲᠡᠯ᠎ᠡ ︿ᠳᠠᠳᠬᠠᠯ﹀ ᠭᠡᠳᠡᠭ ᠶᠠᠭᠤᠮ᠎ᠠ ᠶᠢ ᠪᠤᠢ ᠪᠤᠯᠭᠠᠴᠢᠬᠠᠪᠠᠯ ᠬᠡᠵᠢᠶ᠎ᠡ ᠨᠢᠭᠡᠨ ᠡᠳᠦᠷ ᠯᠠᠪᠲᠠᠢ ᠤᠩᠰᠢᠭᠰᠠᠨ ᠢᠶᠠᠨ ᠤᠯᠠᠩᠬᠢ ᠶᠢ ᠨᠢ ᠤᠶᠢᠯᠠᠭᠠᠬᠤ ᠪᠠᠶᠢᠯᠭᠦᠢ᠂ | ᠶᠡᠬᠡᠩᠬᠢ ᠶᠢ ᠨᠢ ᠤᠶᠢᠯᠠᠭᠠᠵᠤ ᠳᠡᠶᠢᠯᠪᠡᠯ ᠪᠠᠰᠠ ᠶᠡᠭᠡ ᠤᠯᠠᠨ ᠶᠠᠭᠤᠮ᠎ᠠ ᠮᠡᠳᠡᠵᠦ ᠴᠢᠳᠠᠨ᠎ᠠ᠃ ᠤᠳᠤ ᠪᠢᠳᠡᠨ ᠳᠤ ᠴᠤᠬᠠᠭᠳᠠᠵᠤ ᠪᠠᠶᠢᠭ᠎ᠠ ᠨᠢ ᠮᠦᠨ ᠡᠨᠡ ︿ | ᠳᠠᠳᠬᠠᠯ﹀ ᠰᠢᠦ︕ ᠨᠤᠮ ᠤᠩᠰᠢᠬᠤ ᠦᠭᠡᠢ ᠪᠠᠷ ᠲᠡᠷᠡ ᠭᠠᠷ ᠤᠲᠠᠰᠤ ᠶᠢ ᠡᠳᠦᠷ ᠪᠦᠷᠢ ᠨᠢᠳᠦᠨ ᠠᠴᠠ ᠪᠠᠨ ᠰᠠᠯᠭᠠᠬᠤ ᠦᠭᠡᠢ ᠪᠠᠷ ᠶᠠᠮᠠᠷ ᠯᠠ ᠤᠯᠠᠨ ᠶᠠᠭᠤᠮ᠎ᠠ | ᠮᠡᠳᠡᠵᠦ ᠳᠡᠶᠢᠯᠬᠦ ᠪᠤᠢ︾ ᠭᠡᠯᠡ᠃ ᠪᠠᠭᠰᠢ ᠶᠢᠨ ᠦᠭᠡ ᠶᠢ ᠰᠤᠨᠤᠰᠤᠭᠠᠳ ᠡᠨᠡ ᠮᠤᠩᠭᠤᠯ ᠨᠠᠰᠤᠲᠠᠨ ᠤ ᠰᠠᠶ᠋ᠢ ᠶᠢᠨ ᠭᠤᠨᠢᠭᠯᠠᠯᠲᠤ ᠬᠠᠷᠠᠴᠠ ᠨᠢ ᠦᠪᠡᠷ ᠤᠨ | ᠵᠤᠭᠤᠰ ᠤᠯᠵᠤ ᠳᠡᠶᠢᠯᠬᠦ ᠦᠭᠡᠢ ᠳᠤ ᠪᠠᠨ ᠵᠤᠪᠠᠭᠰᠠᠨ ᠪᠢᠰᠢ᠂ ᠬᠠᠷᠢᠨ ᠮᠤᠩᠭᠤᠯ ᠪᠠᠭᠠᠴᠤᠳ ᠬᠡᠦᠬᠡᠳ᠂ ᠴᠢᠨᠠᠭᠰᠢᠯᠠᠪᠠᠯ ᠮᠤᠩᠭᠤᠯ ᠤᠨ ᠢᠷᠡᠭᠡᠳᠦᠢ ᠶᠢᠨ ᠲᠦᠯᠦᠭᠡ | ᠰᠠᠭᠠᠰᠢᠷᠠᠵᠤ ᠪᠠᠶᠢᠨ᠎ᠠ ᠭᠡᠰᠡᠨ ᠢ ᠮᠡᠳᠡᠵᠦ᠂ ᠤᠳᠤᠬᠠᠨ ᠤ ᠦᠪᠡᠷ ᠤᠨ ᠪᠡᠶ᠎ᠡ ᠪᠠᠨ ᠵᠦᠪᠲᠡᠭᠡᠨ ᠬᠡᠯᠡᠭᠰᠡᠨ ᠦᠭᠡᠨ ᠳᠤ ᠪᠠᠨ ᠢᠴᠢᠵᠦ ᠨᠢᠭᠤᠷ ᠨᠢᠯ ᠤᠯᠠᠶᠢᠬᠤ ᠰᠢᠭ᠋ | ᠪᠤᠯᠤᠯ᠎ᠠ᠃ ᠲᠡᠶᠢᠮᠦ ᠡ᠂ ᠤᠩᠰᠢᠵᠤ ᠯᠠ ᠪᠠᠶᠢᠳᠠᠭ ᠶᠤᠮ ᠪᠤᠯ ᠠᠯᠢ ᠡᠳᠦᠷ ᠤᠶᠢᠯᠠᠭᠠᠬᠤ ᠪᠠᠶᠢᠯᠭᠦᠢ᠂ ᠤᠩᠰᠢᠬᠤ ᠳᠠᠳᠬᠠᠯ ᠦᠭᠡᠢ ᠪᠤᠯ ᠨᠤᠮ ᠳᠡᠭᠡᠷᠡᠬᠢ ᠲᠡᠷᠡ | ᠤᠯᠠᠨ ᠰᠤᠨᠢᠨ ᠰᠡᠬᠡᠭᠦᠨ ᠵᠦᠢᠯ ᠢ ᠶᠠᠭᠠᠬᠢᠨ ᠮᠡᠳᠡᠬᠦ ᠪᠢᠯᠡ᠃ ᠡᠨᠡ ᠦᠶᠡᠰ ᠪᠢ ᠰᠠᠶ᠋ᠢ ᠰᠤᠷᠤᠭᠴᠢᠳ ᠲᠤ ᠪᠠᠨ ︽ᠨᠤᠮ ᠢᠯᠡᠬᠦᠦ ᠤᠩᠰᠢ︾ ᠭᠡᠵᠦ ᠬᠡᠳᠦ ᠬᠡᠯᠡᠬᠦ | ᠳᠤ ᠲᠡᠳᠡᠨ ᠤ ᠤᠶᠢᠰᠢᠶᠠᠬᠤ ᠦᠭᠡᠢ ᠪᠠᠶᠢᠬᠤ ᠶᠢ ᠦᠵᠡᠭᠡᠳ ᠠᠬᠢᠨ ᠳᠠᠬᠢᠨ ᠴᠢᠩᠭ᠎ᠠ ᠱᠠᠭᠠᠷᠳᠠᠭᠰᠠᠨ ᠦᠭᠡᠢ ᠮᠢᠨᠢ ᠶᠡᠭᠡ ᠪᠤᠷᠤᠭᠤ᠂ ᠡᠨᠡ ᠨᠢᠭᠡᠨ ᠳᠠᠳᠬᠠᠯ ᠢ ᠪᠤᠢ | ᠪᠤᠯᠭᠠᠬᠤ ᠡᠬᠦᠷᠭᠡ ᠪᠠᠭᠰᠢ ᠪᠤᠯᠤᠭᠰᠠᠨ ᠪᠢᠳᠡᠨ ᠳᠤ ᠪᠠᠶᠢᠨ᠎ᠠ ᠭᠡᠰᠡᠨ ᠢᠶᠠᠨ ᠮᠡᠳᠡᠯ᠎ᠡ᠃ ᠨᠢᠭᠡᠨ ᠡᠳᠦᠷ ᠪᠢ ᠰᠦᠯᠵᠢᠶᠡᠨ ᠠᠴᠠ ᠨᠢᠭᠡ ᠶᠡᠭᠡ ᠱᠤᠭᠲᠠᠢ ᠮᠡᠳᠡᠭᠡᠯᠡᠯ | ᠦᠵᠡᠯ᠎ᠡ᠃ ᠳᠡᠯᠡᠬᠡᠢ ᠳᠡᠭᠡᠷ᠎ᠡ ᠬᠤᠶᠠᠷ ᠤᠯᠤᠰ ᠤᠨ ᠬᠦᠮᠦᠰ ᠨᠤᠮ ᠤᠩᠰᠢᠬᠤ ᠬᠠᠮᠤᠭ ᠳᠤᠷᠠᠲᠠᠢ ᠪᠠᠶᠢᠳᠠᠭ᠃ ᠨᠢᠭᠡ ᠨᠢ ᠰᠢᠷᠢᠶ᠎ᠠ ᠤᠯᠤᠰ᠂ ᠨᠢᠭᠡ ᠨᠢ ᠢᠰᠷᠧᠯ | ᠤᠯᠤᠰ ᠪᠤᠯᠤᠨ᠎ᠠ᠃ ᠢᠰᠷᠧᠯ ᠤᠯᠤᠰ ᠤᠨ ᠨᠢᠭᠡ ᠬᠦᠮᠦᠨ ᠵᠢᠯ ᠪᠦᠷᠢ ᠳᠤᠮᠳᠠᠴᠢ ᠪᠠᠷ 64 ᠨᠤᠮ ᠤᠩᠰᠢᠵᠤ᠂ ᠡᠭᠦᠨ ᠳᠤ ᠪᠦᠬᠦ ᠤᠯᠤᠰ ᠤᠨ 80% ᠠᠴᠠ | ᠳᠡᠭᠡᠭᠰᠢ ᠲᠤᠭ᠎ᠠ ᠶᠢ ᠡᠵᠡᠯᠡᠵᠦ ᠪᠠᠶᠢᠭ᠎ᠠ ᠢᠪᠷᠠᠶᠢᠴᠤᠳ ᠳᠤᠮᠳᠠᠴᠢ ᠪᠠᠷ ᠵᠢᠯ ᠪᠦᠷᠢ 68 ᠨᠤᠮ ᠤᠩᠰᠢᠳᠠᠭ᠃ ᠢᠪᠷᠠᠶᠢᠴᠤᠳ ᠲᠤ ᠪᠢᠴᠢᠭ ᠮᠡᠳᠡᠳᠡᠭ ᠬᠦᠮᠦᠨ | ᠦᠭᠡᠢ᠂ ᠵᠡᠭᠡᠯᠢ ᠳᠡᠭᠡᠷᠡᠬᠢ ᠭᠤᠶᠢᠷᠠᠨᠴᠢ ᠨᠢ ᠬᠦᠷᠲᠡᠯ᠎ᠡ ᠬᠠᠵᠠᠭᠤ ᠳᠤ ᠪᠠᠨ ᠡᠳᠦᠷ ᠪᠦᠷᠢ ᠶᠢᠨ ᠤᠩᠰᠢᠬᠤ ᠴᠢᠬᠤᠯᠠ ᠲᠠᠢ ᠨᠤᠮ ᠢᠶᠠᠨ ᠲᠠᠯᠪᠢᠵᠤ ᠪᠠᠶᠢᠳᠠᠭ ᠭᠡᠵᠦ | ᠪᠠᠶᠢᠯ᠎ᠠ᠃ ᠶᠠᠭ ᠡᠶᠢᠮᠦ ᠠᠴᠠ ᠢᠪᠷᠠᠶᠢᠴᠤᠳ ᠨᠢ ᠳᠡᠯᠡᠬᠡᠢ ᠳᠡᠭᠡᠷᠡᠬᠢ ᠬᠠᠮᠤᠭ ᠤᠨ ᠰᠡᠴᠡᠨ ᠰᠡᠷᠭᠦᠯᠡᠩ ᠬᠦᠮᠦᠨ ᠪᠤᠯᠤᠭᠰᠠᠨ᠃ ᠭᠡᠲᠡᠯ᠎ᠡ ᠳᠤᠮᠳᠠᠳᠤ ᠤᠯᠤᠰ ᠤᠨ | ᠬᠦᠮᠦᠨ ᠳᠤᠮᠳᠠᠴᠢ ᠪᠠᠷ ᠵᠢᠯ ᠪᠦᠷᠢ ᠰᠠᠶ᠋ᠢ 4 ᠨᠤᠮ ᠤᠩᠰᠢᠳᠠᠭ ᠭᠡᠰᠡᠨ ᠢ ᠦᠵᠡᠭᠡᠳ ᠮᠢᠨᠦ ᠮᠦᠷᠦᠨ ᠳᠡᠭᠡᠷᠡᠬᠢ ᠡᠭᠦᠷᠭᠡ ᠬᠡᠳᠦᠢ ᠬᠦᠨᠳᠦ ᠪᠠᠶᠢᠬᠤ ᠭᠡᠰᠡᠨ ᠢᠶᠠᠨ | ᠭᠡᠨᠡᠳᠲᠡ ᠰᠡᠷᠡᠯ᠎ᠡ᠃ | ᠲᠡᠭᠡᠪᠡᠯ ᠴᠤᠬᠤᠮ ᠶᠠᠭᠠᠬᠢᠪᠠᠯ ᠰᠠᠶ᠋ᠢ ᠦᠪᠡᠷ ᠤᠨ ᠢᠶᠠᠨ᠂ ᠰᠤᠷᠤᠭᠴᠢᠳ ᠤᠨ ᠢᠶᠠᠨ ᠨᠤᠮ ᠤᠩᠰᠢᠬᠤ ᠳᠠᠳᠬᠠᠯ ᠢ ᠪᠤᠢ ᠪᠤᠯᠭᠠᠵᠦ ᠴᠢᠳᠠᠬᠤ ᠪᠤᠢ︖ ᠡᠨᠡ | ᠨᠢ ᠮᠢᠨᠦ ᠨᠢᠳᠦᠨ ᠡᠮᠦᠨᠡᠬᠢ ᠬᠦᠴᠢᠷ ᠠᠰᠠᠭᠤᠳᠠᠯ ᠪᠤᠯᠤᠯ᠎ᠠ᠃ ᠤᠴᠢᠷ ᠨᠢ ᠪᠠᠭᠰᠢ ᠪᠤᠯᠤᠭᠰᠠᠨ ᠪᠢᠳᠡ ᠴᠦ ᠲᠡᠷᠡ ᠳᠤᠮᠳᠠᠴᠢ ᠪᠠᠷ ᠵᠢᠯ ᠳᠤ ᠲᠦᠷᠪᠡᠬᠡᠨ ᠨᠤᠮ | ᠤᠩᠰᠢᠳᠠᠭ ᠤᠨ ᠨᠢᠭᠡ ᠨᠢ ᠶᠤᠮ᠃ | ᠨᠢᠭᠡ᠂ ᠨᠤᠮ ᠤᠩᠰᠢᠬᠤ ᠳᠠᠳᠬᠠᠯ ᠢ ᠪᠤᠢ ᠪᠤᠯᠭᠠᠬᠤ | ᠶᠠᠭᠤᠨ ᠤ ᠤᠷᠢᠳ ᠪᠢᠳᠡ ᠦᠪᠡᠷ ᠢᠶᠠᠨ ᠨᠤᠮ ᠤᠩᠰᠢᠬᠤ ᠳᠠᠳᠬᠠᠯ ᠲᠠᠢ ᠪᠤᠯᠠᠬᠤ ᠬᠡᠷᠡᠭᠲᠡᠢ᠃ ᠢᠩᠬᠢᠮᠡᠨᠵᠢᠨ ᠪᠢᠳᠡ ᠰᠠᠶ᠋ᠢ ᠬᠡᠦᠬᠡᠳ ᠤᠳ ᠲᠤ ᠳᠠᠭᠤᠷᠢᠶᠠᠯ | ᠪᠤᠯᠵᠤ ᠴᠢᠳᠠᠨ᠎ᠠ᠃ ᠮᠢᠨᠦ ᠤᠩᠰᠢᠭᠰᠠᠨ ᠨᠤᠮ ᠴᠦᠭᠡᠨ ᠪᠤᠯᠪᠠᠴᠤ ᠤᠩᠰᠢᠬᠤ ᠨᠤᠮ ᠨᠡᠯᠢᠶᠡᠳ ᠪᠠᠶᠢᠳᠠᠭ᠂ ᠪᠢ ᠦᠪᠡᠷ ᠢ ᠪᠠᠨ ᠤᠳᠤ ᠤᠩᠰᠢᠬᠤ ᠦᠭᠡᠢ ᠴᠦ | ᠬᠦᠭᠰᠢᠷᠡᠭᠡᠳ ᠠᠵᠢᠯ ᠠᠴᠠ ᠪᠠᠨ ᠪᠠᠭᠤᠭᠰᠠᠨ ᠬᠤᠶᠢᠨ᠎ᠠ ᠴᠠᠭ ᠢ ᠤᠩᠭᠡᠷᠡᠭᠡᠬᠦ ᠳᠤ ᠪᠠᠨ ᠤᠩᠰᠢᠬᠤ ᠪᠠᠶᠢᠯᠭᠦᠢ ᠭᠡᠵᠦ ᠪᠡᠶ᠎ᠡ ᠪᠠᠨ ᠢᠳᠬᠠᠵᠤ᠂ ᠳᠤᠷᠠᠲᠠᠢ ᠨᠤᠮ | ᠦᠵᠡᠪᠡᠯ ᠬᠤᠳᠠᠯᠳᠤᠨ ᠠᠪᠴᠤ ᠬᠤᠷᠭᠤᠨ ᠤ ᠮᠤᠬᠤᠷ ᠲᠤ ᠬᠤᠷᠢᠶᠠᠳᠠᠭ᠃ ᠲᠡᠭᠡᠬᠦᠯᠡᠷ ᠪᠢ ᠪᠡᠶ᠎ᠡ ᠪᠠᠨ ᠱᠠᠭᠠᠷᠳᠠᠵᠤ᠂ ᠬᠤᠷᠢᠶᠠᠭᠰᠠᠨ ᠨᠤᠮ ᠢᠶᠠᠨ ᠭᠠᠷᠭᠠᠵᠤ | ᠤᠩᠰᠢᠵᠤ ᠡᠬᠢᠯᠡᠯ᠎ᠡ᠃ ᠦᠪᠡᠷ ᠢᠶᠠᠨ ᠭᠠᠳᠠᠭᠠᠳᠦ ᠶᠢᠨ ᠤᠷᠠᠨ ᠵᠤᠬᠢᠶᠠᠯ ᠤᠨ ᠲᠤᠬᠠᠢ ᠰᠤᠷᠤᠭᠰᠠᠨ ᠪᠤᠯᠬᠤᠷ ᠲᠡᠭᠦᠨ ᠳᠤ ᠪᠠᠭ᠋ᠠᠲᠠᠢ᠃ ᠠᠪᠤᠭᠰᠠᠨ ᠨᠤᠮ ᠮᠢᠨᠢ ᠴᠦ | ᠤᠯᠠᠩᠬᠢ ᠨᠢ ᠭᠠᠳᠠᠭᠠᠳᠤ ᠶᠢᠨ ᠠᠯᠳᠠᠷᠳᠤ ᠤᠷᠠᠨ ᠵᠤᠬᠢᠶᠠᠯᠴᠢᠳ ᠤᠨ ᠪᠦᠲᠦᠭᠡᠯ ᠶᠤᠮ᠃ ᠨᠢᠭᠡ ᠶᠢ ᠨᠢ ᠭᠠᠷᠭᠠᠵᠤ ᠤᠩᠰᠢᠬᠤ ᠳᠤ ᠡᠬᠢᠯᠡᠩᠭᠦᠳᠡ ᠤᠯᠠᠨ ᠨᠡᠷᠡᠰ ᠢ | ᠨᠢ ᠴᠡᠭᠡᠵᠢᠯᠡᠵᠦ ᠪᠠᠶᠢᠭᠠᠳ ᠬᠤᠳᠬᠤᠯᠳᠠᠳᠠᠭ ᠪᠠᠶᠢᠯ᠎ᠠ᠃ ᠭᠡᠪᠡᠴᠦ ᠪᠡᠶ᠎ᠡ ᠪᠠᠨ ᠱᠠᠭᠠᠷᠳᠠᠨ ᠤᠩᠰᠢᠭᠰᠠᠭᠠᠷ ᠪᠠᠶᠢᠭᠠᠳ ᠵᠤᠬᠢᠶᠠᠯ ᠤᠨ ᠳᠤᠮᠳᠠ ᠬᠦᠷᠬᠦ ᠳᠤ ᠦᠪᠡᠷ ᠤᠨ | ᠡᠷᠬᠡ ᠦᠭᠡᠢ ᠨᠤᠮ ᠢᠶᠠᠨ ᠪᠠᠷᠢᠵᠤ᠂ ᠳᠠᠷᠠᠭᠠᠴᠢ ᠶᠢᠨ ᠡᠭᠦᠰᠬᠦ ᠶᠠᠪᠤᠳᠠᠯ ᠢ ᠰᠤᠨᠢᠭᠤᠴᠢᠯᠠᠨ ᠤᠩᠰᠢᠵᠤ᠂ ᠶᠠᠭ ᠯᠠ ᠺᠤᠷᠢᠶᠠ ᠤᠯᠤᠰ ᠤᠨ ᠺᠢᠨᠤ᠋ ᠶᠢ ᠦᠵᠡᠭᠰᠡᠨ ᠰᠢᠭ | ᠰᠠᠯᠵᠤ ᠴᠢᠳᠠᠬᠤ ᠦᠭᠡᠢ ᠪᠤᠯᠵᠤ᠂ ᠦᠵᠡᠵᠦ ᠪᠠᠷᠤᠮᠠᠨᠵᠢᠨ ᠰᠠᠶ᠋ᠢ ᠰᠠᠨᠠᠭ᠎ᠠ ᠬᠠᠨᠤᠳᠠᠭ ᠪᠤᠯᠤᠯ᠎ᠠ᠃ ᠡᠨᠡ ᠪᠠᠶᠢᠳᠠᠯ ᠢᠶᠠᠨ ᠦᠵᠡᠭᠡᠳ ᠪᠢ ᠦᠪᠡᠷ ᠢᠶᠠᠨ ᠳᠠᠭᠤᠷᠢᠶᠠᠯ | ᠪᠤᠯᠬᠤ ᠠᠴᠠ ᠭᠠᠳᠠᠨ᠎ᠠ ᠬᠡᠦᠬᠡᠳ ᠤᠳ ᠲᠤ ᠴᠦ ᠲᠡᠳᠡᠨ ᠤ ᠤᠩᠰᠢᠬᠤ ᠪᠠᠭ᠋ᠠᠲᠠᠢ ᠨᠤᠮ ᠢ ᠡᠷᠢᠵᠦ ᠤᠩᠰᠢᠭᠤᠯᠪᠠᠯ ᠰᠠᠶ᠋ᠢ ᠪᠠᠬ᠎ᠠ ᠲᠠᠢ ᠪᠤᠯᠭᠠᠵᠤ ᠴᠢᠳᠠᠬᠤ ᠶᠤᠮ | ᠪᠠᠶᠢᠨ᠎ᠠ ᠭᠡᠵᠦ ᠤᠶᠢᠯᠠᠭᠠᠯ᠎ᠠ᠃ | ᠬᠤᠶᠠᠷ᠂ ᠨᠤᠮ ᠤᠩᠰᠢᠬᠤ ᠶᠢᠨ ᠴᠢᠬᠤᠯᠠ ᠴᠢᠨᠠᠷ ᠢ ᠮᠡᠳᠡᠬᠦ | ᠤᠯᠠᠩᠬᠢ ᠲᠤᠮᠤ ᠬᠦᠮᠦᠰ ᠨᠤᠮ ᠤᠩᠰᠢᠬᠤ ᠶᠢᠨ ᠴᠢᠬᠤᠯᠠ ᠴᠢᠨᠠᠷ ᠢ ᠪᠦᠷ ᠮᠡᠳᠡᠨ᠎ᠡ᠂ ᠭᠡᠬᠦ ᠳᠤ ᠡᠨᠡ ᠬᠦ ᠶᠤᠰᠤ ᠶᠢ ᠪᠠᠰᠠ ᠬᠡᠦᠬᠡᠳ ᠤᠳ ᠲᠤ ᠮᠡᠳᠡᠭᠦᠯᠬᠦ | ᠬᠡᠷᠡᠭᠲᠡᠢ᠃ ᠢᠪᠷᠠᠶᠢᠴᠤᠳ ᠤᠨ ᠡᠬᠡᠴᠤᠤᠯ ᠦᠪᠡᠷ ᠤᠨ ᠬᠡᠦᠬᠡᠳ ᠢᠶᠠᠨ ᠨᠢᠯᠬ᠎ᠠ ᠪᠠᠭ᠎ᠠ ᠪᠠᠶᠢᠬᠤ ᠳᠤ ᠨᠢ ︽ᠠᠷᠢᠭᠤᠨ ᠨᠤᠮ︾ ᠢ ᠤᠩᠰᠢᠨ ᠦᠭᠴᠦ᠂ ᠪᠠᠭ᠎ᠠ ᠠᠴᠠ | ᠨᠢ᠄ ︽ᠬᠡᠷᠪᠡ ᠭᠡᠷ ᠲᠤ ᠭᠠᠯ ᠭᠠᠷᠪᠠᠯ ᠶᠠᠭᠤ ᠪᠠᠨ ᠠᠪᠴᠤ ᠭᠦᠶᠦᠬᠦ ᠪᠤᠢ︖︾ ᠭᠡᠵᠦ ᠠᠰᠠᠭᠤᠬᠤ ᠳᠤ ᠬᠡᠷᠪᠡ ᠬᠡᠦᠬᠡᠳ ᠨᠢ ᠵᠤᠭᠤᠰ ᠪᠤᠶᠤ ᠦᠭᠡᠷ᠎ᠡ ᠪᠤᠳᠠᠰ ᠢ | ᠭᠡᠵᠦ ᠬᠡᠯᠡᠬᠦ ᠳᠤ ︽ᠶᠠᠭᠤᠨ ᠤ ᠤᠷᠢᠳ ᠨᠤᠮ ᠢᠶᠠᠨ ᠠᠪᠴᠤ ᠳᠤᠲᠠᠭ᠎ᠠ︾ ᠭᠡᠵᠦ ᠰᠤᠷᠭᠠᠳᠠᠭ ᠭᠡᠵᠦ ᠪᠠᠶᠢᠯ᠎ᠠ᠃ ᠬᠡᠷᠪᠡ ᠳᠤᠮᠳᠠᠳᠤ ᠶᠢᠨ ᠡᠬᠡᠴᠤᠤᠯ ᠪᠠᠶᠢᠭᠰᠠᠨ ᠪᠤᠯ | ᠶᠠᠭᠤ ᠭᠡᠵᠦ ᠰᠤᠷᠭᠠᠬᠤ ᠪᠤᠯ︖ ᠬᠡᠷᠪᠡ ᠪᠢᠳᠡ ᠪᠠᠶᠢᠭᠰᠠᠨ ᠪᠤᠯ ᠶᠠᠭᠤ ᠭᠡᠵᠦ ᠰᠤᠷᠭᠠᠬᠤ ᠪᠤᠯ︖ ︽ᠨᠤᠮ ᠢᠶᠠᠨ ᠠᠪ︾ ᠭᠡᠳᠡᠭ ᠨᠢ ᠲᠦᠢᠯ ᠤᠨ ᠴᠦᠭᠡᠨ | ᠪᠠᠶᠢᠬ᠎ᠠ᠃ ᠲᠡᠭᠡᠪᠡᠯ ᠨᠤᠮ ᠢᠯᠡᠬᠦᠦ ᠤᠩᠰᠢᠬᠤ ᠨᠢ ᠴᠤᠬᠤᠮ ᠶᠠᠮᠠᠷ ᠠᠰᠢᠭᠲᠠᠢ ᠪᠤᠢ︖ ᠨᠤᠮ ᠤᠩᠰᠢᠬᠤ ᠶᠢᠨ ᠬᠠᠮᠤᠭ ᠤᠨ ᠰᠠᠶᠢᠨ ᠠᠰᠢᠭ ᠨᠢ ᠬᠦᠮᠦᠨ ᠤ ᠪᠡᠶ᠎ᠡ | ᠰᠡᠳᠬᠢᠴᠡ ᠶᠢᠨ ᠡᠷᠡᠭᠦᠯ ᠢ ᠰᠠᠶᠢᠵᠢᠷᠠᠭᠤᠯᠵᠤ᠂ ᠤᠯᠠᠨ ᠠᠷᠪᠢᠨ ᠮᠡᠳᠡᠯᠭᠡ ᠡᠵᠡᠮᠰᠢᠵᠤ᠂ ᠦᠪᠡᠷ ᠤᠨ ᠬᠠᠷᠠᠭ᠎ᠠ ᠪᠠᠨ ᠨᠡᠭᠡᠭᠡᠭᠳᠡᠭᠦᠯᠦᠨ᠎ᠡ᠃ ᠴᠢᠨᠠᠭᠰᠢᠯᠠᠪᠠᠯ ᠨᠤᠮ | ᠳᠤᠲᠤᠷᠠᠬᠢ ᠮᠡᠳᠡᠯᠭᠡ ᠪᠢᠳᠡᠨ ᠳᠤ ᠠᠮᠢᠳᠤᠷᠠᠯ ᠤᠨ ᠵᠦᠪ ᠵᠠᠮ ᠢ ᠰᠤᠩᠭᠤᠨ ᠦᠭᠴᠦ᠂ ᠬᠦᠮᠦᠨ ᠲᠠᠢ ᠬᠠᠷᠢᠯᠴᠠᠬᠤ ᠠᠷᠭ᠎ᠠ ᠶᠢ ᠵᠢᠭᠠᠨ᠂ ᠬᠦᠴᠢᠷ ᠲᠤᠯᠭᠠᠷᠠᠬᠤ | ᠦᠶᠡᠰ ᠲᠡᠭᠦᠨ ᠠᠴᠠ ᠵᠦᠪ ᠢᠶᠠᠷ ᠰᠢᠢᠳᠪᠦᠷᠢᠯᠡᠬᠦ ᠠᠷᠭ᠎ᠠ ᠶᠢ ᠰᠡᠲᠦᠵᠦ ᠳᠡᠶᠢᠯᠦᠨ᠎ᠡ᠃ ᠨᠤᠮ ᠤᠩᠰᠢᠬᠤ ᠳᠤ ᠪᠠᠨ ᠪᠢᠳᠡ ᠦᠨᠦᠳᠦᠷ ᠤᠩᠰᠢᠭᠠᠳ ᠮᠠᠷᠭᠠᠰᠢ | ᠬᠠᠶᠠᠵᠤ ᠪᠤᠯᠬᠤ ᠦᠭᠡᠢ᠂ ᠬᠠᠷᠢᠨ ᠦᠷᠭᠦᠯᠵᠢ ᠤᠩᠰᠢᠨ ᠴᠠᠭ ᠢᠮᠠᠭᠲᠠ ᠦᠪᠡᠷ ᠤᠨ ᠪᠡᠶ᠎ᠡ ᠳᠤ ᠪᠠᠨ ︽ᠡᠨᠧᠷᠬᠢ︾ ᠨᠡᠮᠡᠬᠦ ᠬᠡᠷᠡᠭᠲᠡᠢ᠃ ᠡᠳᠡᠭᠡᠷ ᠶᠤᠰᠤ ᠶᠢ | ᠠᠬᠠᠮᠠᠳ ᠪᠤᠶᠤ ᠪᠠᠭᠰᠢ ᠪᠤᠯᠤᠭᠰᠠᠨ ᠪᠢᠳᠡ ᠯᠠ ᠬᠡᠦᠬᠡᠳ ᠤᠳ ᠲᠤ ᠪᠠᠨ ᠬᠡᠯᠡᠵᠦ ᠰᠤᠷᠭᠠᠬᠤ ᠠᠴᠠ ᠪᠢᠰᠢ ᠪᠢᠴᠢᠬᠠᠨ ᠨᠦᠭᠦᠳ ᠤᠳ ᠦᠪᠡᠷ ᠢᠶᠠᠨ ᠶᠠᠭᠠᠬᠢᠭᠰᠠᠨ | ᠮᠡᠳᠡᠵᠦ ᠤᠶᠢᠯᠠᠭᠠᠵᠤ ᠳᠡᠶᠢᠯᠬᠦ ᠪᠢᠯᠡ︕ | ᠭᠤᠷᠪᠠ᠂ ᠰᠠᠶᠢᠨ ᠨᠤᠮ ᠤᠩᠰᠢᠬᠤ ᠪᠦᠭᠡᠳ ᠬᠤᠷᠳᠤᠴᠠ ᠲᠠᠢ ᠤᠩᠰᠢᠬᠤ | ᠨᠤᠮ ᠤᠩᠰᠢᠬᠤ ᠳᠤ ᠪᠢᠳᠡ ᠳᠤᠷ᠎ᠠ ᠪᠠᠬ᠎ᠠ ᠠᠴᠠ ᠡᠬᠢᠯᠡᠳᠡᠭ᠃ ᠨᠢᠭᠡ ᠰᠠᠶᠢᠨ ᠨᠤᠮ ᠤᠩᠰᠢᠵᠤ ᠳᠠᠭᠤᠰᠤᠭᠰᠠᠨ ᠤ ᠬᠤᠶᠢᠨ᠎ᠠ ᠪᠢᠳᠡᠨ ᠤ ᠰᠡᠳᠬᠢᠯ ᠶᠡᠭᠡ | ᠬᠠᠨᠤᠮᠵᠢᠲᠠᠢ ᠪᠠᠶᠢᠳᠠᠭ᠃ ᠤᠩᠰᠢᠬᠤ ᠳᠤ ᠪᠠᠨ ᠡᠷᠬᠡᠪᠰᠢ ᠰᠠᠶᠢᠨ ᠨᠤᠮ ᠤᠩᠰᠢᠬᠤ ᠬᠡᠷᠡᠭᠲᠡᠢ᠃ ᠳᠠᠷᠠᠭ᠎ᠠ ᠨᠢ ᠪᠢᠳᠡ ᠨᠤᠮ ᠤᠩᠰᠢᠬᠤ ᠰᠠᠶᠢᠨ ᠠᠷᠭ᠎ᠠ | ᠰᠦᠪᠡᠭᠴᠢᠯᠡᠬᠦ ᠬᠡᠷᠡᠭᠲᠡᠢ᠃ ᠬᠡᠷᠪᠡ ᠤᠩᠰᠢᠬᠤ ᠠᠷᠭ᠎ᠠ ᠨᠢ ᠵᠦᠪ ᠪᠤᠰᠤ ᠪᠤᠯ ᠶᠠᠪᠤᠬᠤ ᠲᠤᠲᠤᠮ ᠪᠠᠬ᠎ᠠ ᠪᠠᠨ ᠠᠯᠳᠠᠵᠤ᠂ ᠴᠢᠨᠠᠭᠰᠢᠯᠠᠪᠠᠯ ᠨᠤᠮ ᠤᠩᠰᠢᠬᠤ ᠠᠴᠠ ᠪᠠᠨ | ᠵᠢᠭᠰᠢᠬᠦ ᠪᠠᠶᠢᠳᠠᠯ ᠢᠯᠡᠷᠡᠨ᠎ᠡ᠃ ᠤᠯᠠᠨ ᠬᠦᠮᠦᠰ ᠨᠤᠮ ᠤᠩᠰᠢᠬᠤ ᠴᠠᠭ ᠦᠭᠡᠢ ᠪᠤᠶᠤ ᠨᠤᠮ ᠤᠩᠰᠢᠬᠤ ᠦᠷ᠎ᠡ ᠪᠦᠲᠦᠮᠵᠢ ᠪᠠᠷ ᠠᠨᠠᠢ ᠪᠠᠶᠢᠳᠠᠭ᠃ ︽ᠬᠤᠷᠳᠤᠴᠠ | ᠲᠠᠢ ᠤᠩᠰᠢᠬᠤ︾ ᠪᠤᠯ ᠨᠢᠭᠡ ᠵᠦᠢᠯ ᠤᠨ ᠰᠢᠨᠵᠢᠯᠡᠬᠦ ᠤᠬᠠᠭᠠᠨᠴᠢ ᠠᠷᠭ᠎ᠠ ᠶᠤᠮ᠃ ᠡᠨᠡ ᠠᠷᠭ᠎ᠠ ᠶᠢ ᠪᠢ ᠰᠦᠯᠵᠢᠶᠡᠨ ᠳᠡᠭᠡᠷ᠎ᠡ ᠠᠴᠠ ᠤᠯᠵᠤ ᠦᠵᠡᠭᠰᠡᠨ᠃ ᠲᠡᠷᠡ | ᠨᠢ ᠪᠢᠳᠡᠨ ᠤ ᠨᠢᠳᠦᠯᠡᠨ ᠤᠩᠰᠢᠵᠤ ᠤᠶᠢᠯᠠᠭᠠᠬᠤ ᠴᠢᠬᠤᠯᠠᠲᠠᠢ ᠪᠢᠴᠢᠭ ᠮᠠᠲ᠋ᠧᠷᠢᠶᠠᠯ ᠢ ᠰᠢᠭᠤᠳ ᠲᠠᠷᠢᠬᠢᠨ ᠵᠦᠭ ᠤᠳᠬᠠᠴᠢᠯᠠᠨ ᠬᠤᠪᠢᠷᠠᠭᠤᠯᠳᠠᠭ᠃ ᠦᠭᠡᠷ᠎ᠡ ᠪᠠᠷ | ᠬᠡᠯᠡᠪᠡᠯ ᠨᠢᠳᠦᠨ ᠠᠴᠠ ᠲᠠᠷᠢᠬᠢᠨ ᠳᠤ ᠰᠢᠭᠤᠳ ᠰᠡᠲᠡᠯᠲᠡ ᠦᠭᠴᠦ᠂ ᠲᠦᠢᠯ ᠤᠨ ᠬᠤᠷᠳᠤᠨ ᠢᠶᠠᠷ ᠤᠩᠰᠢᠭᠤ ᠶᠢᠨ ᠢᠶᠠᠨ ᠭᠤᠤᠯ ᠶᠢ ᠨᠢ ᠠᠳᠬᠤᠨ ᠰᠠᠨᠠᠭ᠎ᠠ ᠶᠢ | ᠤᠶᠢᠯᠠᠭᠠᠵᠤ ᠴᠢᠳᠠᠨ᠎ᠠ ᠭᠡᠵᠦ ᠲᠠᠨᠢᠯᠴᠠᠭᠤᠯᠵᠤ ᠪᠠᠶᠢᠯ᠎ᠠ᠃ ᠬᠡᠷᠪᠡ ᠢᠩᠬᠢᠵᠤ ᠤᠩᠰᠢᠬᠤ ᠠᠷᠭ᠎ᠠ ᠶᠢ ᠪᠢᠳᠡ ᠦᠪᠡᠷ ᠢᠶᠠᠨ ᠰᠤᠷᠤᠯᠴᠠᠭᠠᠳ ᠴᠢᠨᠠᠭᠰᠢ ᠰᠤᠷᠤᠭᠴᠢᠳ | ᠲᠤ ᠪᠠᠨ ᠮᠡᠳᠡᠭᠦᠯᠵᠦ ᠴᠢᠳᠠᠪᠠᠯ ᠶᠡᠷᠦ ᠳᠤ ᠪᠠᠨ ᠬᠡᠳᠦᠨ ᠡᠳᠦᠷ ᠤᠩᠰᠢᠳᠠᠭ ᠨᠤᠮ ᠢ ᠬᠡᠳᠦᠨ ᠴᠠᠭ ᠳᠤᠲᠤᠷ᠎ᠠ ᠯᠠ ᠤᠩᠰᠢᠵᠤ ᠪᠠᠷᠠᠵᠤ ᠳᠡᠶᠢᠯᠦᠨ᠎ᠡ᠃ ᠢᠩᠭᠢᠪᠡᠯ | ᠪᠢᠳᠡᠨ ᠤ ᠤᠩᠰᠢᠬᠤ ᠳᠤᠷ᠎ᠠ ᠪᠠᠬ᠎ᠠ ᠨᠡᠮᠡᠭᠳᠡᠨ᠂ ᠤᠩᠰᠢᠯᠭ᠎ᠠ ᠶᠢᠨ ᠦᠷ᠎ᠡ ᠪᠦᠲᠦᠮᠵᠢ ᠨᠢ ᠴᠦ ᠰᠠᠶᠢᠵᠢᠷᠠᠵᠤ᠂ ᠤᠶᠢᠯᠠᠭᠠᠬᠤ ᠴᠢᠳᠠᠪᠤᠷᠢ ᠨᠢ ᠪᠠᠰᠠ ᠮᠠᠰᠢ | ᠲᠦᠷᠭᠡᠨ ᠢᠶᠠᠷ ᠳᠡᠭᠡᠭᠰᠢᠯᠡᠵᠦ ᠴᠢᠳᠠᠨ᠎ᠠ᠃ | ᠨᠤᠮ ᠤᠩᠰᠢᠬᠤ ᠳᠠᠳᠬᠠᠯ ᠲᠠᠢ ᠪᠤᠯᠤᠶ᠎ᠠ ᠪᠢᠳᠡ ᠪᠦᠭᠦᠳᠡᠭᠡᠷ︕ ᠨᠤᠮ ᠤᠩᠰᠢᠬᠤ ᠨᠢ ᠪᠢᠳᠡᠨ ᠳᠤ ᠬᠤᠤᠷᠲᠤ ᠲᠠᠯ᠎ᠠ ᠶᠡᠷᠦ ᠠᠴᠠ ᠪᠠᠶᠢᠳᠠᠭ ᠦᠭᠡᠢ᠃ | ᠨᠤᠮ ᠤᠩᠰᠢᠬᠤ ᠳᠠᠳᠬᠠᠯ ᠲᠠᠢ ᠪᠤᠯᠴᠢᠬᠠᠪᠠᠯ ᠪᠢᠳᠡ ᠠᠮᠢᠳᠤᠷᠠᠯ ᠤᠨ ᠢᠶᠠᠨ ᠠᠯᠢᠪᠠ ᠬᠦᠴᠢᠷ ᠶᠠᠪᠤᠳᠠᠯ ᠠᠴᠠ ᠵᠠᠶᠢᠯᠠᠰᠬᠢᠬᠤ ︽ᠵᠢᠷᠭᠠᠯ ᠤᠨ ᠭᠡᠷ ᠤᠷᠤᠨ︾ ᠲᠠᠢ | ᠪᠤᠯᠤᠭᠰᠠᠨ ᠲᠠᠢ ᠠᠳᠠᠯᠢ᠃ ᠪᠠᠭᠰᠢ᠂ ᠰᠤᠷᠤᠭᠴᠢ᠂ ᠭᠡᠷ ᠤᠨ ᠠᠬᠠᠮᠠᠳ ᠁ ᠬᠡᠨ ᠴᠦ ᠭᠡᠰᠡᠨ ᠡᠶᠢᠮᠦ ᠰᠠᠶᠢᠬᠠᠨ ᠳᠠᠳᠬᠠᠯ ᠲᠠᠢ ᠪᠤᠯᠵᠤ ᠴᠢᠳᠠᠨ᠎ᠠ᠃ ᠪᠢᠳᠡᠨ | ᠳᠤ ᠬᠠᠮᠤᠭ ᠠᠴᠠ ᠳᠤᠲᠠᠭᠳᠠᠵᠤ ᠪᠠᠶᠢᠭ᠎ᠠ ᠪᠤᠯ ᠡᠨᠡ ᠨᠢᠭᠡᠨ ᠳᠠᠳᠬᠠᠯ ᠢᠶᠠᠨ ᠪᠠᠷᠢᠮᠲᠠᠯᠠᠬᠤ ᠶᠠᠪᠤᠳᠠᠯ ᠪᠤᠯᠤᠨ᠎ᠠ᠃ ᠪᠢᠳᠡ ᠪᠦᠭᠦᠳᠡᠭᠡᠷ ᠢᠶᠠᠨ ᠠᠮᠢᠳᠤᠷᠠᠯ ᠤᠨ ᠢᠶᠠᠨ | ᠬᠦᠴᠢᠷ ᠢ ᠳᠤᠭᠤᠯᠬᠤ ᠶᠢᠨ ᠲᠤᠰᠠᠳᠠ᠂ ᠦᠪᠡᠷ ᠤᠨ ᠢᠶᠠᠨ ᠮᠡᠳᠡᠯᠭᠡ ᠰᠤᠷᠳᠠᠯ ᠢᠶᠠᠨ ᠤᠯᠠᠮ ᠳᠡᠭᠡᠭᠰᠢᠯᠡᠭᠦᠯᠬᠦ ᠶᠢᠨ ᠲᠤᠰᠠᠳᠠ᠂ ᠦᠪᠡᠷ ᠤᠨ ᠢᠶᠠᠨ ᠬᠠᠷᠠᠴᠠ ᠪᠠᠨ | ᠦᠷᠭᠡᠳᠭᠡᠬᠦ ᠶᠢᠨ ᠲᠤᠰᠠᠳᠠ᠂ ᠴᠢᠨᠠᠭᠰᠢᠯᠠᠪᠠᠯ ᠦᠨᠳᠦᠰᠦᠲᠡᠨ ᠤ ᠪᠠᠨ ᠢᠷᠡᠭᠡᠳᠦᠢ ᠶᠢᠨ ᠲᠤᠰᠠᠳᠠ ᠦᠪᠡᠷ ᠢ ᠪᠠᠨ ᠴᠢᠩᠭ᠎ᠠ ᠱᠠᠭᠠᠷᠳᠠᠵᠤ᠂ ᠦᠷᠭᠦᠯᠵᠢᠳᠡ ᠨᠤᠮ | ᠤᠩᠰᠢᠬᠤ ᠳᠠᠳᠬᠠᠯ ᠲᠠᠢ ᠪᠤᠯᠬᠤ ᠪᠠᠷ ᠴᠢᠷᠮᠠᠶᠢᠵᠠᠭᠠᠶ᠎ᠠ︕ | | | ᠡᠵᠡᠨ ᠬᠤᠷᠤᠭ᠎ᠠ ᠬᠤᠰᠢᠭᠤᠨ ᠤ ᠮᠣᠩᠭᠤᠯ ᠪᠠᠭ᠎ᠠ ᠰᠤᠷᠭᠠᠭᠤᠯᠢ ᠶᠢᠨ ᠤᠶᠠᠬᠠᠨ | | | | |