ᠴᠢᠶᠣᠤ ᠰᠢᠶᠤᠤ ᠵᠢᠶᠦ᠋ᠨ ᠡᠷᠦᠬᠡ ᠳᠤ ᠭᠦᠨᠵᠡᠭᠡᠶᠢᠷᠡᠨ ᠢᠯᠴᠢ ᠬᠠᠩᠭᠠᠬᠤ ᠪᠠᠲᠤᠯᠠᠭ᠎ᠠ ᠪᠠ ᠴᠠᠰᠤ ᠮᠥᠰᠥ ᠠᠷᠢᠯᠭᠠᠬᠤ ᠠᠵᠢᠯ ᠢ ᠱᠠᠯᠠᠪᠳᠠᠭᠤᠯᠤᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2023/12/26
   12 ᠳ᠋ᠤᠭᠠᠷ ᠰᠠᠷ᠎ᠠ ᠶᠢᠨ 25᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠳᠠᠷᠤᠭ᠎ᠠ ᠴᠢᠶᠣᠤ ᠰᠢᠶᠤᠤ ᠵᠢᠶᠦ᠋ᠨ ᠠᠯᠳᠠᠨᠰᠢᠷᠡᠭᠡ ᠪᠠᠯᠭᠠᠰᠤᠨ ᠤ ᠬᠡᠰᠡᠭ ᠰᠠᠭᠤᠭᠠᠯᠢ ᠠᠷᠠᠳ ᠤᠨ ᠲᠣᠭᠤᠷᠢᠭ ᠪᠤᠯᠤᠨ ᠵᠢᠦ ᠲᠠᠢ ᠢᠯᠴᠢ ᠶᠢᠨ ᠬᠦᠴᠦᠨ ᠤ ᠺᠣᠮᠫᠠᠨᠢ ᠳᠤ ᠭᠦᠨᠵᠡᠭᠡᠶᠢᠷᠡᠨ ᠬᠤᠲᠠ ᠶᠢᠨ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠨ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠲᠤᠬᠠᠶ ᠶᠢᠨ ᠭᠠᠵᠠᠷ ᠲᠤᠨᠢ ᠠᠯᠪᠠᠯᠠᠵᠤ ᠰᠢᠢᠳᠪᠦᠷᠢᠯᠡᠪᠡ᠃
4dbc23854c64de3348e37d0a47df5c8.jpg
    ᠯᠠᠨ ᠲᠢᠶᠠᠨ ᠵᠢᠶᠠ ᠶᠤᠸᠠᠨ  ᠪᠤᠯᠣᠨ ᠶᠢᠨ ᠶᠤᠸᠠᠨ ᠰᠠᠭᠤᠭᠠᠯᠢ ᠠᠷᠠᠳ ᠤᠨ ᠲᠣᠭᠤᠷᠢᠭ ᠲᠤ᠂ ᠴᠢᠶᠣᠤ ᠰᠢᠶᠤᠤ ᠵᠢᠶᠦ᠋ᠨ ᠰᠠᠭᠤᠭᠠᠯᠢ ᠠᠷᠠᠳ ᠤᠨ ᠬᠡᠷ ᠲᠤ ᠬᠦᠷᠴᠦ ᠬᠡᠷ ᠳᠣᠲᠣᠷᠠᠬᠢ ᠳᠤᠯᠠᠭᠠᠨ ᠤ ᠬᠡᠮᠵᠢᠶ᠎ᠡ ᠪᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠠᠷᠢᠨ ᠣᠶᠢᠯᠠᠭᠠᠪᠠ᠃ ᠲᠡᠷᠡ ᠴᠢᠬᠤᠯᠠᠴᠢᠯᠠᠭᠰᠠᠨ ᠨᠢ᠂ ᠡᠯ᠎ᠡ ᠪᠠᠯᠭᠠᠰᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠢᠯᠴᠢ ᠬᠠᠩᠭᠠᠬᠤ ᠪᠠᠲᠤᠯᠠᠭ᠎ᠠ ᠶᠢᠨ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠡᠷᠦᠬᠡ ᠳᠠᠷᠠᠭᠠᠯᠠᠨ ᠨᠠᠷᠢᠨ ᠣᠶᠢᠯᠠᠭᠠᠵᠤ᠂ ᠡᠷᠲᠡᠬᠡᠨ ᠣᠯᠵᠤ ᠮᠡᠳᠡᠪᠡᠯ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ᠃ ᠬᠤᠳᠠ ᠶᠢᠨ ᠠᠷᠠᠳ ᠤᠨ ᠤᠰᠤ ᠬᠡᠷᠡᠭᠯᠡᠬᠦ ᠢᠯᠴᠢ ᠬᠠᠩᠭᠠᠬᠤ ᠵᠡᠷᠭᠡ ᠠᠮᠢᠳᠤᠷᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠵᠠᠮ ᠢ ᠰᠢᠯᠤᠭᠤᠳᠬᠠᠵᠤ᠂ ᠨᠡᠶᠢᠭᠡᠮ ᠲᠣᠭᠤᠷᠢᠭ᠂  ᠢᠯᠴᠢ ᠬᠠᠩᠭᠠᠬᠤ ᠠᠵᠤ ᠠᠬᠤᠶᠢᠯᠠᠯ᠂ ᠠᠳᠠᠯ ᠠᠬᠤᠢ ᠶᠢᠨ ᠺᠣᠮᠫᠠᠨᠢ ᠬᠤᠯᠪᠣᠭᠠᠯᠠᠨ ᠦᠢᠯᠡᠴᠢᠯᠡᠭᠡ ᠬᠠᠩᠭᠠᠬᠤ ᠶᠢ ᠴᠢᠩᠭᠠᠳᠬᠠᠵᠤ᠂ ᠤᠯᠠᠨ ᠲᠦᠮᠡᠨ ᠤ ᠳᠤᠯᠠᠭᠠᠨ ᠪᠦᠯᠢᠶᠡᠨ ᠠᠮᠤᠷ ᠲᠦᠪᠰᠢᠨ ᠢᠶᠠᠷ ᠡᠪᠦᠯᠵᠢᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠭᠤᠤᠯ ᠵᠠᠮ ᠤᠨ ᠬᠡᠰᠡᠭ᠂ ᠵᠡᠭᠡᠯᠢ ᠭᠤᠳᠤᠮᠵᠢ᠂ ᠰᠠᠭᠤᠭᠠᠯᠢ ᠠᠷᠠᠳ ᠤᠨ ᠲᠣᠭᠤᠷᠢᠭ ᠤᠨ ᠴᠠᠰᠤ ᠮᠥᠰᠥ ᠶᠢ ᠠᠷᠢᠯᠭᠠᠬᠤ ᠠᠵᠢᠯ ᠢ ᠰᠠᠶᠢᠲᠤᠷ ᠬᠢᠵᠦ᠂ ᠣᠯᠠᠨ ᠲᠦᠮᠡᠨ ᠤ ᠶᠠᠪᠤᠵᠤ ᠰᠠᠭᠤᠬᠤ ᠠᠮᠤᠷ ᠲᠦᠪᠰᠢᠨ ᠢ ᠪᠠᠲᠤᠯᠠᠬᠤ ᠬᠡᠷᠡᠭᠲᠡᠶ ᠭᠡᠪᠡ᠃
f89e53533ff3b8f89841d6b19ccca37.jpg
    ᠵᠢᠦ ᠲᠠᠢ ᠢᠯᠴᠢ ᠶᠢᠨ ᠬᠦᠴᠦᠨ ᠤ ᠺᠣᠮᠫᠠᠨᠢ ᠶᠢᠨ ᠢᠯᠴᠢ ᠶᠢᠨ ᠰᠤᠷᠪᠤᠯᠵᠢ ᠶᠢᠨ ᠦᠢᠯᠡᠳᠪᠦᠷᠢ ᠳᠤ᠂ ᠴᠢᠶᠣᠤ ᠰᠢᠶᠤᠤ ᠵᠢᠶᠦ᠋ᠨ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠦᠵᠡᠵᠦ᠂ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠪᠠ᠃ ᠲᠡᠷᠡ ᠴᠢᠬᠤᠯᠠᠴᠢᠯᠠᠭᠰᠠᠨ ᠨᠢ᠂ ︽ᠲᠦᠷᠪᠡᠨ ᠨᠢᠭᠡ︾ ᠪᠣᠯᠤᠨ ᠴᠠᠭᠠᠨ ᠲᠠᠩᠰᠠ ᠶᠢᠨ ᠠᠵᠢᠯ ᠤᠨ ᠲᠣᠭᠲᠠᠴᠠ ᠶᠢᠨ  ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠰᠠᠭᠤᠭᠠᠯᠢ ᠠᠷᠠᠳ ᠪᠣᠯᠤᠨ ᠠᠵᠤ ᠠᠬᠤᠶᠢᠯᠠᠯ ᠳᠤ ᠰᠠᠨᠠᠭᠠᠴᠢᠯᠠᠭ᠎ᠠ ᠠᠴᠠ ᠪᠠᠨ ᠰᠠᠶᠢᠲᠤᠷ ᠦᠢᠯᠡᠴᠢᠯᠡᠬᠦ ᠬᠡᠷᠡᠭᠲᠡᠶ᠃ ᠣᠨᠴᠠᠭᠠᠶ ᠴᠠᠭ ᠠᠭᠤᠷ᠂ ᠴᠢᠬᠤᠯᠠ ᠶᠡᠭᠡ ᠠᠵᠢᠯᠯᠠᠭ᠎ᠠ ᠪᠠ ᠪᠠᠶᠠᠷ ᠳᠤᠷᠠᠰᠬᠠᠯ ᠤᠨ ᠡᠳᠦᠷ ᠤᠨ ᠬᠤᠭᠤᠴᠠᠭᠠᠨ ᠳᠠᠬᠢ ᠣᠯᠠᠨ ᠨᠡᠶᠢᠲᠡ ᠶᠢᠨ  ᠦᠢᠯᠡᠴᠢᠯᠡᠭᠡᠨ ᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠤᠯᠠᠮ ᠨᠢᠭᠡ ᠠᠯᠬᠤᠮ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠤᠨ᠂ ᠡᠨᠧᠷᠭᠢ ᠶᠢᠨ ᠲᠣᠬᠢᠷᠠᠭᠤᠯᠤᠯᠲᠠ ᠪᠠ ᠨᠡᠭᠦᠷᠡᠰᠦᠨ ᠤ ᠢᠷᠡᠯᠲᠡ ᠶᠢᠨ ᠨᠥᠭᠡᠴᠡ ᠶᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠠᠶᠤᠯᠭᠦᠢ ᠦᠢᠯᠡᠳᠪᠦᠷᠢᠯᠡᠯ ᠢ ᠪᠣᠳᠠᠲᠠᠢ  ᠨᠠᠷᠢᠯᠢᠭ ᠨᠠᠶᠢᠳᠠᠪᠤᠷᠢᠵᠢᠭᠤᠯᠵᠤ᠂ ᠢᠯᠴᠢ ᠬᠠᠩᠭᠠᠬᠤ ᠲᠥᠬᠦᠭᠡᠷᠦᠮᠵᠢ ᠶᠢ ᠲᠣᠭᠤᠷᠢᠨ ᠪᠠᠶᠢᠴᠠᠭᠠᠵᠤ ᠬᠠᠮᠠᠭᠠᠯᠠᠬᠤ᠂ ᠠᠶᠤᠯᠭᠦᠢ ᠦᠢᠯᠡᠳᠪᠦᠷᠢᠯᠡᠯ ᠤᠨ ᠪᠣᠯᠪᠠᠰᠤᠷᠠᠯ ᠢ ᠴᠢᠩᠭᠠᠳᠬᠠᠵᠤ᠂ ᠢᠯᠴᠢ ᠬᠠᠩᠭᠠᠬᠤ ᠰᠢᠰᠲ᠋ᠧᠮ ᠤᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠦᠬᠦ ᠲᠠᠯ᠎ᠠ ᠪᠠᠷ ᠪᠠᠲᠤᠯᠠᠬᠤ ᠬᠡᠷᠡᠭᠲᠡᠢ ᠭᠡᠪᠡ᠃    ᠬᠤᠯᠪᠤᠬᠳᠠᠯ ᠪᠦᠬᠦᠢ ᠪᠠᠯᠭᠠᠰᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠯᠲᠠ ᠳᠤ ᠣᠷᠣᠯᠴᠠᠪᠠ᠃ 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ