ᠡᠤ ᠶᠦᠨ ᠪᠦᠯᠬᠦᠮ ᠳᠠᠭᠠᠭᠤᠯᠤᠨ ᠪᠡᠭᠡᠵᠢᠩ ᠳᠤ ᠬᠦᠷᠴᠦ ᠭᠤᠤᠯᠳᠠᠯᠭ᠎ᠠ ᠲᠠᠢ ᠲᠥᠷᠥᠯ ᠵᠣᠶᠢᠯ ᠪᠠ ᠲᠤᠰᠬᠠᠶ  ᠵᠣᠶᠢᠯ ᠤᠨ ᠪᠠᠯᠠ ᠮᠥᠩᠭᠦ ᠶᠢ ᠵᠤᠯᠭᠠᠭᠤᠯᠬᠤ ᠠᠵᠢᠯ ᠦᠷᠨᠢᠭᠦᠯᠪᠡ
ᠨᠡᠶᠢᠲᠡᠯᠡᠭᠰᠡᠨ ᠴᠠᠭ᠄
2023/12/26
      12 ᠳ᠋ᠤᠭᠠᠷ ᠰᠠᠷ᠎ᠠ ᠶᠢᠨ 25᠎ ᠤ ᠡᠳᠦᠷ ᠠᠴᠠ 26᠎ ᠤ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠡᠤ ᠶᠦᠨ ᠪᠦᠯᠬᠦᠮ ᠳᠠᠭᠠᠭᠤᠯᠤᠨ ᠪᠡᠭᠡᠵᠢᠩ ᠳᠤ ᠬᠦᠷᠴᠦ ᠭᠤᠤᠯᠳᠠᠯᠭ᠎ᠠ ᠲᠠᠢ ᠲᠥᠷᠥᠯ  ᠵᠣᠶᠢᠯ ᠪᠠ ᠲᠤᠰᠬᠠᠶ ᠵᠣᠶᠢᠯ ᠤᠨ ᠪᠠᠯᠠ ᠮᠥᠩᠭᠦ ᠶᠢ ᠵᠣᠯᠭᠠᠭᠤᠯᠬᠤ ᠵᠡᠷᠭᠡ ᠠᠵᠢᠯ ᠥᠷᠨᠢᠭᠦᠯᠪᠡ᠃ ᠬᠤᠰᠢᠭᠤᠨ ᠤ ᠤᠳᠤᠷᠢᠳᠤᠯᠭ᠎ᠠ ᠮᠡᠨᠳᠤᠪᠠᠶᠠᠷ᠂ ᠵᠤᠤ ᠸᠧᠢ᠂ ᠶᠠᠨ ᡁᠢ ᠪᠢᠨ ᠣᠷᠣᠯᠴᠠᠪᠠ᠃
3b82ac47c316c1433d63c89921f6d87.jpg
      ᠦ᠋ ᠶᠦᠨ ᠨᠠᠷ ᠡᠩ ᠲᠡᠷᠢᠭᠦᠨ ᠳᠤ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠬᠦᠷᠴᠦ ᠭᠤᠤᠯᠳᠠᠯᠭ᠎ᠠ ᠲᠠᠢ ᠲᠥᠷᠥᠯ ᠵᠣᠶᠢᠯ ᠢ ᠵᠣᠯᠭᠠᠭᠤᠯᠵᠤ᠂ ᠲᠥᠷᠥ ᠶᠢᠨ ᠪᠣᠳᠣᠯᠭ᠎ᠠ ᠶᠢᠨ ᠪᠠᠯᠠ ᠮᠥᠩᠭᠦ ᠶᠢᠨ ᠳᠡᠮᠵᠢᠯᠭᠡ ᠤᠯᠬᠤ ᠪᠠᠷ ᠴᠢᠷᠮᠠᠶᠢᠪᠠ᠃      ᠴᠢᠩᠬᠤᠸᠠ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠳᠤ᠂ ᠡᠤ ᠶᠦᠨ ᠡᠸᠤ ᠶᠠᠩ ᠮᠢᠩ ᠭᠤᠤ ᠠᠺᠠᠳᠧᠮᠢᠴᠢ ᠶᠢᠨ ᠪᠦᠯᠬᠦᠮ ᠲᠠᠢ ᠰᠠᠭᠤᠳᠠᠯ ᠤᠨ ᠬᠤᠷᠠᠯ ᠬᠢᠵᠦ᠂ ᠬᠤᠶᠠᠷ ᠲᠠᠯ᠎ᠠ ᠪᠠᠷ ᠢᠶᠠᠨ ᠣᠷᠳᠣᠰ ᠤᠨ ᠰᠢᠨ᠎ᠡ ᠡᠨᠧᠷᠭᠢ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠲᠥᠷᠥᠯ ᠵᠣᠶᠢᠯ ᠤᠨ ᠬᠠᠮᠲᠤᠷᠠᠯᠴᠠᠭ᠎ᠠ ᠵᠡᠷᠭᠡ  ᠵᠣᠶᠢᠯᠡᠰ ᠤᠨ ᠲᠣᠭᠤᠷᠢᠨ ᠳᠤ ᠰᠠᠨᠠᠯ ᠢᠶᠠᠨ ᠭᠦᠨᠵᠡᠭᠡᠶ ᠰᠣᠯᠢᠯᠴᠠᠵᠤ᠂ ᠪᠠᠷᠢᠯᠭ᠎ᠠ ᠶᠢᠨ ᠬᠤᠭᠤᠴᠠᠭ᠎ᠠ ᠶᠢ ᠲᠤᠩᠭᠤᠷᠤᠤ ᠵᠢᠭᠰᠠᠭᠠᠵᠤ ᠲᠥᠷᠥᠯ  ᠵᠣᠶᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤ ᠬᠠᠮᠲᠤ ᠶᠢᠨ ᠲᠠᠨᠢᠯᠲᠠ ᠲᠠᠢ ᠪᠣᠯᠪᠠ᠃ ᠴᠢᠩᠬᠤᠸᠠ ᠶᠡᠭᠡ ᠰᠤᠷᠭᠠᠭᠤᠯᠢ ᠶᠢᠨ ᠫᠷᠤᠹᠧᠰᠰᠤᠷ ᠶᠠᠩ ᠹᠦ᠋ ᠶᠤᠸᠠᠨ ᠬᠡᠯᠡᠭᠰᠡᠨ ᠨᠢ᠂ ᠶᠠᠷᠢᠯᠴᠠᠬᠤ ᠬᠤᠷᠠᠯ ᠢᠶᠠᠷ ᠳᠠᠮᠵᠢᠨ ᠡᠵᠡᠨ ᠬᠤᠷᠤᠭ᠎ᠠ ᠬᠤᠰᠢᠭᠤᠨ ᠤ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠡᠷᠡᠰ ᠵᠣᠷᠢᠭ ᠢ ᠭᠦᠢᠴᠡᠳ ᠮᠡᠳᠡᠷᠡᠵᠦ᠂  ︽ᠰᠢᠨ᠎ᠡ ᠡᠨᠧᠷᠭᠢ ᠶᠢᠨ ᠮᠠᠰᠢᠨ ᠲᠡᠷᠭᠡ ᠂ ᠰᠢᠨ᠎ᠡ ᠡᠨᠧᠷᠭᠢ ᠎ ᠶᠢᠨ ᠠᠵᠤ ᠦᠢᠯᠡᠰ ᠂ ᠣᠶᠣᠨᠴᠢ ᠵᠠᠮ᠂ ᠲᠤᠮᠤ ᠳ᠋ᠠᠶᠢᠲ᠋ᠠ︾᠎ ᠎ ᠶᠢᠨ ᠵᠢᠱᠢᠶ᠎ᠡ ᠦᠵᠡᠭᠦᠯᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ︽ᠤᠮᠠᠷᠠᠲᠤ ᠬᠢᠯᠢ ᠶᠢᠨ ᠤᠰᠤᠳᠦ᠋ᠷᠦᠭᠴᠢᠳᠦ ᠬᠤᠲᠠ︾᠎ ᠶᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠪᠡ᠃       ᠡᠤ ᠶᠦᠨ ᠬᠡᠯᠡᠭᠰᠡᠨ ᠨᠢ᠂ ᠬᠤᠶᠠᠷ ᠲᠠᠯ᠎ᠠ ᠪᠠᠷ ᠢᠶᠠᠨ ᠤᠰᠤᠲᠥ᠋ᠷᠥᠭᠴᠢ  ᠡᠨᠧᠷᠭᠢ ᠶᠢᠨ ᠠᠵᠤ  ᠦᠢᠯᠡᠰ ᠤᠨ ᠬᠥᠭᠵᠢᠯᠲᠡ ᠶᠢᠨ ᠠᠵᠠ ᠲᠣᠬᠢᠶᠠᠯ ᠢ ᠡᠵᠡᠮᠳᠡᠵᠦ᠂ ᠯᠠᠪᠳᠠᠭᠤᠨ ᠢᠶᠠᠷ ᠲᠦᠷᠭᠡᠨ ᠠᠬᠢᠭᠤᠯᠵᠤ᠂ ᠥᠨᠳᠥᠷ ᠪᠠᠷᠢᠮᠵᠢᠶ᠎ᠠ ᠪᠠᠷ ︽1 ᠰᠢᠨ᠎ᠡ ᠶᠢ ᠡᠭᠦᠳᠬᠦ ᠲᠥᠪ + 3 ᠶᠡᠭᠡ ᠠᠵᠤ ᠦᠢᠯᠡᠰ ᠤᠨ ᠲᠥᠷᠥᠯ ᠵᠣᠶᠢᠯ︾᠎ ᠢ ᠪᠥᠲᠥᠭᠡᠨ ᠪᠠᠶᠢᠭᠤᠯᠵᠤ᠂ ᠵᠠᠭᠤᠨ ᠳ᠋ᠦᠩᠰᠢᠭᠤᠷ ᠲᠠᠰ ᠤᠨ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠪᠦᠯᠦᠭᠵᠢᠯ ᠢ ᠪᠥᠲᠥᠭᠡᠨ ᠪᠠᠶᠢᠭᠤᠯᠵᠤ᠂ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠰᠢᠨ᠎ᠡ ᠥᠨᠳᠦᠷᠯᠢᠭ ᠢ ᠴᠣᠭᠴᠠᠯᠠᠬᠤ ᠶᠢ ᠬᠦᠰᠡᠵᠦ ᠪᠠᠶᠢᠨ᠎ᠠ ᠭᠡᠪᠡ᠃      ᠡᠨᠡ ᠬᠤᠭᠤᠴᠠᠭᠠᠨ ᠳᠤ᠂ ᠦ᠋ ᠶᠦᠨ ᠨᠠᠷ ᠪᠠᠰᠠ  ᠠᠭᠤᠷᠬᠠᠶ ᠶᠢᠨ ᠤᠷᠤᠨ ᠤ ᠭᠠᠵᠠᠷ ᠤᠨ ᠣᠷᠴᠢᠨ ᠲᠣᠭᠤᠷᠢᠨ ᠢ ᠰᠡᠷᠬᠦᠬᠡᠨ ᠵᠠᠰᠠᠬᠤ ᠰᠠᠭᠤᠷᠢ ᠮᠥᠩᠭᠦ ᠶᠢ ᠬᠠᠮᠢᠶᠠᠷᠴᠤ ᠬᠡᠷᠡᠭᠯᠡᠬᠦ᠂ ᠠᠭᠤᠷᠬᠠᠶ ᠲᠥᠪᠯᠡᠷᠡᠨ ᠵᠠᠯᠭᠠᠯᠳᠤᠭᠰᠠᠨ ᠣᠷᠣᠨ ᠤ ᠠᠮᠢ ᠠᠬᠤᠶ ᠶᠢ ᠵᠠᠰᠠᠬᠤ᠂ ᠪᠣᠬᠢᠷᠲᠤᠯ ᠥᠬᠡᠶ ᠠᠵᠤ ᠦᠢᠯᠡᠰ ᠢ ᠬᠥᠲᠥᠯᠥᠨ ᠵᠢᠯᠣᠭᠤᠳᠬᠤ ᠰᠠᠭᠤᠷᠢ ᠮᠥᠩᠭᠦ ᠪᠠᠶᠢᠭᠤᠯᠬᠤ ᠵᠡᠷᠭᠡ ᠶᠠᠪᠤᠳᠠᠯ ᠤᠨ ᠲᠤᠬᠠᠶ ᠬᠤᠯᠪᠣᠭᠳᠠᠯ ᠪᠥᠬᠦᠶ ᠲᠤᠰᠬᠠᠶ ᠮᠡᠷᠭᠡᠵᠢᠯᠲᠡᠨ ᠤ ᠰᠠᠨᠠᠯ ᠢ ᠠᠰᠠᠭᠤᠪᠠ᠃         
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ