ᠴᠢᠶᠣᠤ ᠰᠢᠶᠣᠤ ᠵᠢᠶᠦ᠋ᠨ ᠲᠤᠰᠢᠶᠠᠬᠤ ᠳᠤ ᠪᠠᠳᠤᠯᠠᠭ᠎ᠠ ᠲᠠᠢ ᠠᠰᠠᠷ ᠤᠨ ᠲᠥᠷᠥᠯ ᠵᠤᠶᠢᠯ ᠢ ᠠᠬᠢᠭᠤᠯᠬᠤ ᠠᠵᠢᠯ ᠢ  ᠲᠤᠬᠢᠷᠠᠭᠤᠯᠪᠠ
ᠨᠡᠶᠢᠲᠡᠯᠡᠭᠰᠡᠨ ᠴᠠᠭ᠄
2023/12/26
      12 ᠳ᠋ᠤᠭᠠᠷ ᠰᠠᠷ᠎ᠠ ᠶᠢᠨ 26᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠳᠠᠷᠤᠭ᠎ᠠ ᠴᠢᠶᠣᠤ ᠰᠢᠶᠤᠤ ᠵᠢᠶᠦ᠋ᠨ ᠠᠯᠪᠠᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠰᠢᠭᠤᠨ ᠤ ᠲᠤᠰᠢᠶᠠᠬᠤ ᠳᠤ ᠪᠠᠳᠤᠯᠠᠭ᠎ᠠ ᠲᠠᠢ ᠠᠰᠠᠷ ᠤᠨ ᠲᠥᠷᠥᠯ ᠵᠤᠶᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠤᠯᠪᠤᠬᠳᠠᠯ ᠪᠥᠬᠦᠶ ᠠᠵᠢᠯ ᠢ ᠪᠠᠶᠢᠷᠢᠯᠠᠭᠤᠯᠪᠠ᠃      ᠴᠢᠶᠣᠤ ᠰᠢᠶᠤᠤ ᠵᠢᠶᠦ᠋ᠨ ᠬᠡᠯᠡᠬᠦ ᠳᠡᠭᠡᠨ᠂ ᠲᠤᠰᠢᠶᠠᠬᠤ ᠳᠤ ᠪᠠᠳᠤᠯᠠᠭ᠎ᠠ ᠲᠠᠢ ᠠᠰᠠᠷ ᠪᠤᠯ ᠴᠢᠬᠤᠯᠠ ᠶᠡᠭᠡ ᠠᠷᠠᠳ ᠤᠨ ᠠᠮᠢᠳᠤᠷᠠᠯ ᠤᠨ ᠲᠦᠷᠤᠯ ᠵᠤᠶᠢᠯ ᠪᠠᠶᠢᠵᠤ᠂ ᠠᠷᠠᠳ ᠤᠯᠠᠨ ᠤ ᠲᠤᠰ ᠪᠡᠶ᠎ᠡ ᠶᠢᠨ ᠠᠰᠢᠭ ᠲᠤᠰᠠ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠲᠠᠢ ᠬᠤᠯᠪᠣᠭᠳᠠᠨ᠎ᠠ᠃ ᠬᠤᠯᠪᠤᠬᠳᠠᠯ ᠪᠥᠬᠦᠶ ᠪᠠᠯᠭᠠᠰᠤ᠂ ᠰᠠᠯᠠᠭ᠎ᠠ ᠮᠥᠴᠢᠷ ᠤᠨ ᠬᠢᠨ ︽ᠲᠤᠰᠢᠶᠠᠬᠤ ᠳᠤ ᠪᠠᠳᠤᠯᠠᠭ᠎ᠠ ᠲᠠᠢ ᠠᠰᠠᠷ᠂ ᠠᠷᠠᠳ ᠤᠨ ᠠᠮᠢᠳᠤᠷᠠᠯ ᠢ ᠲᠣᠭᠲᠠᠪᠤᠷᠢᠵᠢᠭᠤᠯᠬᠤ︾ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠣᠷᠣᠨ ᠰᠠᠭᠤᠴᠠ ᠬᠤᠳᠠᠯᠳᠤᠨ ᠠᠪᠬᠤ ᠣᠯᠠᠨ ᠲᠦᠮᠡᠨ ᠤ ᠲᠥᠯᠥᠭᠡ ᠪᠣᠳᠣᠯᠬᠢᠯᠠᠵᠤ᠂ ᠬᠠᠷᠢᠭᠤᠴᠠᠯᠭ᠎ᠠ ᠡᠭᠦᠷᠭᠡᠯᠡᠨ᠂ ᠳᠠᠷᠤᠶ ᠲᠦᠷᠭᠡᠨ ᠬᠥᠳᠡᠯᠦᠯᠴᠡᠵᠦ᠂ ᠲᠤᠰᠢᠶᠠᠬᠤ ᠳᠤ ᠪᠠᠳᠤᠯᠠᠭ᠎ᠠ ᠲᠠᠢ ᠠᠰᠠᠷ ᠤᠨ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠪᠣᠳᠠᠲᠠᠶ ᠪᠠᠶᠢᠳᠠᠯ ᠢ ᠲᠣᠳᠣᠷᠬᠠᠶ ᠣᠶᠢᠯᠠᠭᠠᠵᠤ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ︽ᠨᠢᠭᠡ ᠠᠰᠠᠷ ᠲᠤ ᠨᠢᠭᠡ ᠠᠷᠭ᠎ᠠ ᠪᠣᠳᠣᠯᠭ᠎ᠠ ᠨᠢᠭᠡ ᠲᠤᠰᠬᠠᠶ ᠠᠩᠭᠢ︾᠎ ᠶᠢᠨ ᠱᠠᠭᠠᠷᠳᠠᠯᠭ᠎ᠠ ᠶᠣᠰᠣᠭᠠᠷ᠂ ᠨᠢᠭᠡ ᠨᠢᠭᠡ ᠪᠠᠷ ᠠᠵᠢᠯ ᠤᠨ ᠲᠥᠰᠦᠯ ᠪᠠ ᠰᠢᠢᠳᠪᠤᠷᠢᠯᠡᠬᠦ ᠰᠡᠳᠬᠢᠮᠵᠢ ᠲᠣᠭᠲᠠᠭᠠᠵᠤ᠂ ᠠᠰᠠᠭᠤᠳᠠᠯ ᠢ ᠴᠠᠭ ᠲᠤᠬᠠᠶ ᠳᠤᠨᠢ ᠪᠣᠳᠠᠲᠠᠶᠢᠵᠢᠭᠤᠯᠤᠨ ᠰᠢᠢᠳᠪᠤᠷᠢᠯᠠᠵᠤ᠂ ᠢ ᠬᠤᠤ ᠶᠤᠸᠠᠨ ᠵᠡᠷᠭᠡ ᠲᠤᠰᠢᠶᠠᠬᠤ ᠳᠤ ᠪᠠᠳᠤᠯᠠᠭ᠎ᠠ ᠲᠠᠢ ᠠᠰᠠᠷ ᠤᠨ ᠲᠥᠷᠥᠯ ᠵᠤᠶᠢᠯ ᠢ ᠲᠦᠷᠭᠡᠬᠡᠨ ᠲᠤᠰᠢᠶᠠᠬᠤ ᠶᠢ ᠠᠬᠢᠭᠤᠯᠬᠤ ᠬᠡᠷᠡᠭᠲᠡᠶ᠃ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ ᠂ ᠪᠠᠯᠠ ᠮᠥᠩᠭᠦ ᠶᠢᠨ ᠬᠡᠷᠡᠭᠯᠡᠯᠲᠡ᠂ ᠪᠠᠷᠢᠯᠭ᠎ᠠ ᠶᠢᠨ ᠶᠠᠰᠤ ᠴᠢᠨᠠᠷ ᠵᠡᠷᠭᠡ ᠳᠤ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠬᠢᠵᠦ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠲᠣᠭᠲᠠᠭᠠᠯ ᠶᠣᠰᠣᠭᠠᠷ ᠴᠣᠬᠢᠯᠲᠠ ᠥᠭᠬᠦ ᠬᠡᠷᠡᠭᠲᠡᠶ ᠬᠡᠪᠡ᠃      ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠰᠢᠭᠦᠬᠦ ᠬᠤᠷᠢᠶᠠᠨ ᠤ ᠬᠠᠮᠢᠶ᠎ᠠ ᠪᠥᠬᠦᠶ ᠤᠳᠤᠷᠢᠳᠤᠯᠭ᠎ᠠ᠂ ᠬᠤᠯᠪᠤᠬᠳᠠᠯ ᠪᠥᠬᠦᠶ ᠪᠠᠯᠭᠠᠰᠤ᠂ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃  
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ