ᠬᠤᠰᠢᠭᠤᠨ ᠤ ᠠᠷᠠᠳ ᠤᠨ ᠵᠠᠰᠠᠭ ᠤᠨ ᠣᠷᠳᠣᠨ 2023 ᠣᠨ ᠤ 17 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/28
      12 ᠳ᠋ᠤᠭᠠᠷ ᠰᠠᠷ᠎ᠠ ᠶᠢᠨ 27᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠳᠠᠷᠤᠭ᠎ᠠ ᠴᠢᠶᠣᠤ ᠰᠢᠶᠤᠤ ᠵᠢᠶᠦ᠋ᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 17 ᠳ᠋ᠤᠭᠠᠷ  ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃     ᠬᠤᠷᠠᠯ ᠠᠴᠠ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠪᠥᠬᠦ ᠣᠷᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ︾᠎ ᠶᠢ ᠬᠠᠮᠲᠤ ᠪᠠᠷ ᠰᠤᠷᠤᠯᠴᠠᠵᠦ᠂ ᠡᠯ᠎ᠡ ᠪᠠᠯᠭᠠᠰᠤ᠂ ᠡᠯ᠎ᠡ ᠰᠠᠯᠠᠭ᠎ᠠ ᠮᠥᠴᠢᠷ ᠳᠠᠷᠠᠭ᠎ᠠ ᠵᠢᠯ ᠤᠨ ᠭᠤᠤᠯᠳᠠᠯᠭ᠎ᠠ ᠲᠠᠢ ᠲᠥᠷᠥᠯ ᠵᠤᠶᠢᠯ ᠢ ᠤᠷᠢᠳᠴᠢᠯᠠᠨ ᠲᠥᠰᠦᠪᠯᠡᠵᠦ᠂ ︽ᠮᠢᠩᠭ᠎ᠠ ᠲᠦᠮᠡᠨ ᠢᠨᠵᠧᠨᠧᠷᠢᠩ︾᠎ ᠤᠨ ᠲᠤᠷᠰᠢᠯᠲᠠ ᠶᠢᠨ ᠴᠡᠭ ᠤᠨ ᠰᠢᠶᠠᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠲᠣᠰᠬᠤᠨ ᠤ ᠬᠠᠮᠲᠤ ᠶᠢᠨ ᠠᠵᠤ ᠠᠬᠤᠶ᠂ ᠮᠠᠯᠴᠢᠨ ᠲᠠᠷᠢᠶᠠᠴᠢᠨ ᠤ ᠣᠷᠣᠯᠭ᠎ᠠ ᠶᠢ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠥᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠬᠡᠨ ᠤ ᠳᠤᠲᠠᠭᠤᠳᠠᠯ ᠢ ᠨᠥᠬᠦᠪᠥᠷᠢᠯᠡᠬᠦ ᠬᠡᠷᠡᠭᠲᠡᠶ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠶᠢᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠦᠢᠯᠡ ᠠᠵᠢᠯᠯᠠᠭ᠎ᠠ ᠪᠠ ᠵᠢᠷᠤᠮ ᠢ ᠬᠠᠤᠯᠢ ᠶᠣᠰᠣᠭᠠᠷ ᠵᠢᠷᠤᠮᠵᠢᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ ᠢ ᠡᠭᠦᠳᠦᠨ ᠪᠠᠶᠢᠭᠤᠯᠬᠤ ᠶᠢ ᠪᠦᠬᠦ ᠬᠦᠴᠦ ᠪᠠᠷ ᠢᠶᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ ︽ᠡᠵᠡᠨ ᠬᠤᠷᠤᠭ᠎ᠠ ᠬᠤᠰᠢᠭᠤᠨ ᠤ ᠳᠥᠷᠪᠡᠨ ᠰᠢᠰᠲ᠋ᠧᠮ ᠢ ᠳᠠᠬᠢᠨ ᠴᠣᠭᠴᠠᠯᠠᠵᠤ ᠮᠥᠨ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠠᠵᠢᠯᠯᠠᠭᠠᠨ ᠤ ᠲᠥᠰᠦᠯ︾᠂ ︽ᠡᠵᠡᠨ ᠬᠤᠷᠤᠭ᠎ᠠ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠶᠤᠯᠭᠦᠶ ᠦᠢᠯᠡᠳᠪᠤᠷᠢᠯᠠᠯ ᠤᠨ ᠠᠵᠢᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠲᠤᠰᠬᠠᠶ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠲᠥᠰᠦᠯ︾ ᠵᠡᠷᠭᠡ ᠲᠥᠰᠦᠯ ᠢ ᠰᠤᠳᠤᠯᠵᠦ ᠂ ︽1 + 11 + 2︾  ᠠᠶᠤᠯᠬᠦᠢ ᠦᠢᠯᠡᠳᠪᠤᠷᠢᠯᠠᠯ ᠤᠨ ᠵᠥᠪᠯᠡᠯ ᠤᠨ ᠠᠵᠢᠯ ᠤᠨ ᠰᠢᠰᠲ᠋ᠧᠮ ᠤᠨ ᠮᠥᠨ ᠴᠢᠨᠠᠷᠵᠢᠯᠲᠠ ᠶᠢᠨ ᠠᠵᠢᠯᠯᠠᠭᠠᠨ ᠢ ᠲᠦᠷᠭᠡᠳᠬᠡᠨ ᠠᠬᠢᠭᠤᠯᠵᠤ᠂ 18 ᠵᠤᠷᠪᠤᠰ ᠳᠡᠭᠡᠭᠰᠢᠯᠡᠭᠦᠯᠬᠦ ᠠᠷᠭ᠎ᠠ ᠬᠡᠮᠵᠢᠶ᠎ᠡ ᠲᠠᠢ ᠴᠢᠩᠭ᠎ᠠ ᠬᠠᠷᠭᠤᠭᠤᠯᠵᠤ᠂ ᠲᠥᠰᠦᠯ ᠢ ᠨᠢᠭᠡᠳ ᠨᠢᠭᠡ ᠪᠠᠷ ᠨᠠᠷᠢᠯᠢᠬᠵᠢᠭᠤᠯᠤᠨ ᠨᠠᠶᠢᠳᠠᠪᠤᠷᠢᠵᠢᠭᠤᠯᠵᠤ᠂  ᠠᠶᠤᠯᠬᠦᠢ ᠦᠢᠯᠡᠳᠪᠤᠷᠢᠯᠠᠯ ᠤᠨ ᠬᠠᠷᠢᠭᠤᠴᠠᠯᠭ᠎ᠠ ᠶᠢᠨ ᠰᠢᠰᠲ᠋ᠧᠮ᠂ ᠴᠡᠭᠴᠡᠯᠡᠨ ᠵᠠᠰᠠᠬᠤ ᠰᠢᠰᠲ᠋ᠧᠮ᠂ ᠬᠢᠨᠠᠨ ᠬᠠᠮᠢᠶᠠᠷᠬᠤ ᠰᠢᠰᠲ᠋ᠧᠮ᠂ ᠰᠡᠷᠭᠡᠶᠢᠯᠡᠬᠦ ᠰᠢᠰᠲ᠋ᠧᠮ ᠢ ᠪᠥᠬᠦ ᠲᠠᠯ᠎ᠠ ᠪᠠᠷ ᠳᠠᠬᠢᠨ ᠪᠠᠶᠢᠭᠤᠯᠵᠤ᠂ ᠵᠣᠷᠢᠭ ᠰᠢᠭᠤᠳᠤᠨ  ᠠᠶᠤᠯᠬᠦᠢ ᠦᠢᠯᠡᠳᠪᠤᠷᠢᠯᠠᠯ ᠤᠨ ᠰᠠᠨᠠᠭᠠᠴᠢᠯᠠᠭᠠᠲᠤ ᠪᠤᠰᠤ ᠪᠠᠶᠢᠳᠠᠯ ᠢ ᠬᠤᠪᠢᠷᠠᠭᠤᠯᠬᠤ ᠬᠡᠷᠡᠭᠲᠡᠶ᠃ ᠤᠯᠤᠰ ᠲᠥᠷᠥ ᠶᠢᠨ ᠲᠠᠯ᠎ᠠ ᠠᠴᠠ ᠦᠵᠡᠬᠦ᠂ ᠤᠯᠤᠰ ᠲᠥᠷᠥ ᠶᠢᠨ ᠲᠠᠯ᠎ᠠ ᠠᠴᠠ ᠬᠢᠬᠦ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠶᠤᠯᠭᠦᠶ ᠦᠢᠯᠡᠳᠪᠤᠷᠢᠯᠠᠯ ᠤᠨ ᠠᠵᠢᠯ ᠤᠨ ᠲᠤᠰᠬᠠᠶ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠨᠣᠮᠣᠬᠠᠨ ᠰᠢᠳᠤᠷᠭᠤ ᠪᠠᠷ ᠰᠠᠶᠢᠲᠤᠷ ᠠᠳᠬᠤᠵᠤ᠂ ᠪᠣᠳᠠᠲᠠᠶ ᠠᠰᠠᠭᠤᠳᠠᠯ ᠲᠠᠢ ᠬᠠᠷᠭᠤᠭᠤᠯᠵᠤ᠂ ᠴᠡᠭᠴᠡᠯᠡᠨ ᠰᠠᠶᠢᠵᠢᠷᠠᠭᠤᠯᠬᠤ ᠲᠥᠰᠦᠯ ᠢ ᠵᠤᠶᠢᠯ ᠳᠠᠷᠠᠭᠠᠯᠠᠨ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠵᠤᠶᠢᠯ ᠳᠠᠷᠠᠭᠠᠯᠠᠨ ᠵᠠᠳᠠᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ  ᠵᠤᠶᠢᠯ ᠳᠠᠷᠠᠭᠠᠯᠠᠨ ᠨᠠᠶᠢᠳᠠᠪᠤᠷᠢᠵᠢᠭᠤᠯᠵᠤ᠂ ᠦᠨᠡᠨ ᠬᠦ  ᠪᠣᠳᠠᠲᠠᠶ ᠴᠡᠭᠴᠡᠯᠡᠨ ᠰᠠᠶᠢᠵᠢᠷᠠᠭᠤᠯᠵᠤ᠂ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃       ᠬᠤᠷᠠᠯ ᠠᠴᠠ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ  ᠰᠤᠨᠤᠰᠴᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠡᠷᠡᠰ ᠲᠤᠭᠤᠰᠢᠯᠠᠭᠤᠯᠵᠤ᠂ ᠴᠡᠭᠴᠡᠯᠡᠨ ᠰᠠᠶᠢᠵᠢᠷᠠᠭᠤᠯᠬᠤ ᠲᠥᠰᠦᠯ ᠲᠠᠢ ᠨᠢᠭᠲᠠ ᠤᠶᠠᠯᠳᠤᠭᠤᠯᠤᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠨᠡᠪᠲᠡᠷᠡᠯᠴᠡᠨ ᠵᠣᠬᠢᠴᠠᠭᠤᠯᠬᠤ ᠡᠷᠴᠢᠮ ᠢᠶᠠᠨ ᠴᠢᠩᠭᠠᠳᠬᠠᠨ᠂ ᠠᠰᠠᠭᠤᠳᠠᠯ ᠢ ᠴᠡᠭᠴᠡᠯᠡᠨ ᠵᠠᠰᠠᠵᠦ ᠪᠡᠶᠡᠯᠡᠬᠦᠯᠬᠦ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃       ᠬᠤᠷᠠᠯ ᠠᠴᠠ ᠪᠠᠰᠠ ︽ᠡᠵᠡᠨ ᠬᠤᠷᠤᠭ᠎ᠠ ᠬᠤᠰᠢᠭᠤᠨ ᠤ ᠭᠠᠯ ᠰᠡᠷᠭᠡᠶᠢᠯᠡᠬᠦ ᠠᠮᠤᠷ ᠲᠦᠪᠰᠢᠨ ᠤ ᠬᠡᠮ ᠰᠣᠭᠤᠭ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠥᠰᠦᠯ︾᠂ ︽ᠡᠵᠡᠨ ᠬᠤᠷᠤᠭ᠎ᠠ ᠬᠤᠰᠢᠭᠤᠨ ᠤ ᠨᠡᠶᠢᠳᠡ ᠶᠢᠨ ᠲᠦᠷᠢᠶᠡᠰᠦᠨ ᠬᠡᠷ ᠪᠠᠶᠢᠰᠢᠩ᠂ ︿ᠭᠤᠷᠪᠠ ᠶᠢ ᠨᠢᠭᠡᠳᠬᠡᠭᠰᠡᠨ﹀ ᠲᠠᠯᠠᠪᠤᠷ ᠭᠠᠵᠠᠷ᠂ ︿ᠶᠢᠰᠦᠨ ᠪᠠᠭ᠎ᠠ﹀ ᠲᠠᠯᠠᠪᠤᠷ ᠭᠠᠵᠠᠷ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠶ ᠠᠵᠢᠯᠯᠠᠭᠠᠨ ᠤ ᠠᠵᠢᠯ ᠤᠨ ᠲᠥᠰᠦᠯ︾ ᠵᠡᠷᠭᠡ ᠪᠤᠰᠤᠳ ᠵᠤᠶᠢᠯᠠᠰ ᠢ ᠰᠤᠳᠤᠯᠵᠠᠶ᠃   
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ