ᠡᠵᠡᠨ ᠬᠤᠷᠤᠭ᠎ᠠ ᠬᠤᠰᠢᠭᠤᠨ ᠤ ᠣᠲᠣ ᠦᠶ᠎ᠡ ᠶᠢᠨ ᠦᠢᠯᠡᠴᠢᠯᠡᠬᠡᠨ ᠤ ᠦᠢᠯᠡᠰ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ  ᠰᠠᠭᠤᠳᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/4
      12 ᠳ᠋ᠤᠭᠠᠷ ᠰᠠᠷ᠎ᠠ ᠶᠢᠨ 3᠎ ᠤ ᠡᠳᠦᠷ᠂ ᠡᠵᠡᠨ ᠬᠤᠷᠤᠭ᠎ᠠ ᠬᠤᠰᠢᠭᠤᠨ ᠤ ᠣᠲᠣ ᠦᠶ᠎ᠡ ᠶᠢᠨ  ᠦᠢᠯᠡᠴᠢᠯᠡᠬᠡᠨ ᠤ ᠦᠢᠯᠡᠰ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠰᠠᠭᠤᠳᠠᠯ ᠤᠨ ᠬᠤᠷᠠᠯ ᠬᠤᠷᠠᠯᠳᠤᠪᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠤ ᠣᠲᠣ ᠦᠶ᠎ᠡ ᠶᠢᠨ ᠦᠢᠯᠡᠴᠢᠯᠡᠬᠡᠨ ᠤ ᠦᠢᠯᠡᠰ ᠤᠨ ᠬᠥᠭᠵᠢᠯᠲᠡ ᠶᠢ ᠳᠥᠯᠭᠢᠨ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠲᠢᠶᠠᠨ ᠹᠧᠨ ᠴᠢᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠬᠤᠰᠢᠭᠤᠨ ᠤ ᠣᠲᠣ ᠦᠶ᠎ᠡ ᠶᠢᠨ ᠦᠢᠯᠡᠴᠢᠯᠡᠬᠡᠨ ᠤ ᠦᠢᠯᠡᠰ ᠤᠨ ᠬᠥᠭᠵᠢᠯᠲᠡ ᠶᠢ ᠳᠥᠯᠭᠢᠨ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠸᠠᠩ ᠰᠡᠴᠡᠨ᠂  ᠬᠤᠰᠢᠭᠤ ᠲᠠᠳ᠋ ᠳᠠᠷᠤᠭ᠎ᠠ ᠂ ᠬᠤᠰᠢᠭᠤᠨ ᠤ ᠣᠲᠣ ᠦᠶ᠎ᠡ ᠶᠢᠨ  ᠦᠢᠯᠡᠴᠢᠯᠡᠬᠡᠨ ᠤ  ᠦᠢᠯᠡᠰ ᠤᠨ ᠬᠥᠭᠵᠢᠯᠲᠡ ᠶᠢ ᠳᠥᠯᠭᠢᠨ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠯᠢ ᠬᠦᠶ᠂ ᠰᠢᠶᠠᠩᠭᠠᠩ ᠤᠨ ᠲᠦᠩ ᠯᠦᠸᠧ ᠸᠠᠨ ᠪᠦᠯᠦᠭᠯᠡᠯ ᠤᠨ ᠪᠠᠯᠠ ᠣᠷᠣᠭᠤᠯᠤᠯᠲᠠ ᠶᠢᠨ ᠲᠥᠪ ᠤᠨ ᠶᠡᠷᠦᠩᠬᠡᠶ  ᠲᠠᠭᠠᠭᠠᠮᠠᠯ ᠨᠦᠩ ᠭᠤᠤ ᠵᠢᠶᠠᠨ᠂ ᠰᠢᠩ ᠲᠠᠢ  ᠦᠢᠯᠡᠰ ᠪᠤᠰᠬᠠᠬᠤ ᠪᠦᠯᠦᠭᠯᠡᠯ ᠤᠨ ᠶᠡᠷᠦᠩᠬᠡᠶ ᠵᠠᠬᠢᠷᠤᠯ ᠤᠨ ᠬᠠᠪᠰᠤᠷᠤᠭᠴᠢ ᠪᠠᠶ ᠱᠧᠩ ᠬᠤᠳᠠᠯᠳᠤᠭᠠᠨ ᠤ ᠬᠠᠮᠢᠶᠠᠷᠤᠯᠲᠠ ᠶᠢᠨ ᠪᠦᠯᠦᠭᠯᠡᠯ ᠤᠨ ᠶᠡᠷᠦᠩᠬᠡᠶ ᠳᠠᠭᠠᠭᠠᠮᠠᠯ ᠯᠢ ᠸᠧᠨ ᠬᠤᠶ ᠨᠠᠷ ᠬᠤᠷᠠᠯ ᠳᠤ ᠣᠷᠣᠯᠴᠠᠪᠠ᠃
78a9acddbb29248228df960ce555bca.jpg
      ᠶᠠᠷᠢᠯᠴᠠᠬᠤ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠡᠵᠡᠨ ᠬᠤᠷᠤᠭ᠎ᠠ ᠬᠤᠰᠢᠭᠤᠨ ᠤ ᠤᠬᠠᠭᠤᠯᠭ᠎ᠠ ᠶᠢᠨ ᠹᠢᠯᠢᠮ ᠢ ᠰᠣᠨᠢᠷᠬᠠᠵᠤ᠂ ᠰᠢᠶᠠᠩᠭᠠᠩ ᠤᠨ ᠲᠦᠩ ᠯᠦᠸᠧ ᠸᠠᠨ ᠪᠦᠯᠦᠭᠯᠡᠯ ᠪᠣᠯᠤᠨ ᠰᠢᠩ ᠲᠠᠢ  ᠦᠢᠯᠡᠰ ᠪᠤᠰᠬᠠᠬᠤ ᠪᠦᠯᠦᠭᠯᠡᠯ ᠲᠣᠰ ᠲᠣᠰ ᠥᠪᠡᠷ ᠥᠪᠡᠷ ᠤᠨ ᠠᠵᠤ ᠠᠬᠤᠶᠢᠯᠠᠯ ᠤᠨ ᠪᠠᠶᠢᠳᠠᠯ ᠢᠶᠠᠨ ᠲᠠᠨᠢᠯᠴᠠᠭᠤᠯᠵᠤ᠂ ᠣᠳᠣᠬᠠᠨ ᠤ ᠠᠵᠢᠯ ᠲᠥᠷᠥᠯ ᠤᠨ ᠪᠠᠶᠢᠳᠠᠯ ᠵᠢᠴᠢ ᠢᠷᠡᠭᠡᠳᠦᠶ ᠶᠢᠨ ᠬᠥᠭᠵᠢᠯᠲᠡ ᠶᠢᠨ ᠲᠤᠬᠠᠶ ᠦᠵᠡᠯᠲᠡ ᠪᠠᠨ ᠰᠣᠯᠢᠯᠴᠠᠭᠰᠠᠨ ᠪᠥᠭᠡᠳ ᠠᠩᠬ᠎ᠠ ᠠᠯᠬᠤᠮ ᠤᠨ ᠬᠠᠮᠲᠤᠷᠠᠯᠴᠠᠭᠠᠨ ᠤ ᠰᠠᠨᠠᠮᠵᠢ ᠲᠣᠭᠲᠠᠪᠠ᠃
0db6889c6f8c320781ac9011617e3ee.jpg
      ᠲᠢᠶᠠᠨ ᠹᠧᠨ ᠴᠢᠩ ᠨᠦᠩ ᠭᠤᠤ ᠵᠢᠶᠠᠨ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠡᠵᠡᠨ ᠬᠤᠷᠤᠭ᠎ᠠ ᠬᠤᠰᠢᠭᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠣᠷᠣᠨ ᠪᠠᠶᠢᠷᠢ ᠶᠢᠨ ᠬᠠᠷᠠᠭᠠᠯᠵᠠᠯ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠮᠥᠩᠭᠦᠨ ᠬᠦᠢᠯᠡᠬᠡᠬᠡ ᠵᠡᠷᠭᠡ ᠲᠠᠯ᠎ᠠ ᠶᠢᠨ ᠳᠠᠪᠠᠭᠤᠯᠢᠭ ᠢ ᠴᠢᠷᠮᠠᠶᠢᠨ ᠪᠠᠳᠠᠷᠠᠭᠤᠯᠵᠤ᠂ ᠠᠵᠤ ᠠᠬᠤᠶᠢᠯᠠᠯ ᠳᠤ ᠬᠠᠮᠤᠭ ᠤᠨ ᠰᠢᠯᠢᠳᠡᠭ ᠬᠥᠭᠵᠢᠯᠲᠡ ᠶᠢᠨ ᠣᠷᠴᠢᠨ ᠨᠥᠬᠦᠴᠡᠯ ᠪᠠ ᠬᠠᠮᠤᠭ ᠤᠨ ᠴᠢᠩᠭ᠎ᠠ ᠦᠢᠯᠡᠴᠢᠯᠡᠬᠡᠨ ᠤ ᠪᠠᠲᠤᠯᠠᠭ᠎ᠠ ᠬᠠᠩᠭᠠᠵᠤ᠂ ᠬᠤᠰᠢᠭᠤᠨ ᠤ ᠳᠣᠲᠣᠨ᠎ᠠ ᠭᠠᠳᠠᠨᠠᠬᠢ ᠠᠵᠤ ᠠᠬᠤᠶᠢᠯᠠᠯ ᠳᠤ ᠬᠥᠭᠦᠷᠭᠡ ᠬᠤᠯᠪᠣᠭᠠᠰᠤ ᠶᠢ ᠰᠠᠶᠢᠲᠤᠷ ᠪᠠᠶᠢᠭᠤᠯᠤᠨ ᠥᠭᠴᠦ᠂ ᠡᠯ᠎ᠡ ᠠᠵᠢᠯ ᠲᠥᠷᠥᠯ ᠤᠨ ᠬᠢᠨ ᠭᠠᠷ ᠬᠤᠯᠪᠣᠨ ᠬᠠᠮᠲᠤᠷᠠᠯᠴᠠᠵᠤ᠂ ᠬᠠᠮᠲᠤ ᠪᠠᠷ ᠤᠷᠤᠭᠰᠢᠯᠠᠵᠤ ᠬᠠᠮᠲᠤ ᠪᠠᠷ ᠠᠰᠢᠭ ᠭᠥᠷᠳᠡᠬᠦ ᠶᠢ ᠴᠢᠷᠮᠠᠶᠢᠨ ᠠᠬᠢᠭᠤᠯᠤᠨ᠎ᠠ ᠭᠡᠵᠦ ᠵᠢᠭᠠᠵᠤ ᠭᠠᠷᠭᠠᠪᠠ᠃       ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠯᠪᠠᠨ ᠬᠡᠷ᠂ ᠬᠤᠰᠢᠭᠤᠨ ᠤ ᠴᠢᠳᠠᠪᠤᠷᠢᠲᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠲᠥᠪ ᠵᠡᠷᠭᠡ ᠰᠠᠯᠠᠭ᠎ᠠ ᠮᠥᠴᠢᠷ ᠪᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                       
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ