ᠬᠤᠰᠢᠭᠤᠨ ᠤ ᠨᠠᠮ ᠤᠨ ᠬᠤᠷᠢᠶ᠎ᠠ ᠠᠷᠪᠠᠨ ᠵᠢᠷᠭᠤᠳᠤᠭᠠᠷ ᠬᠤᠭᠤᠴᠠᠭᠠᠨ ᠤ 86 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/5
      12 ᠳ᠋ᠤᠭᠠᠷ ᠰᠠᠷ᠎ᠠ ᠶᠢᠨ 4᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤ ᠳᠠᠷᠤᠭ᠎ᠠ ᠡᠤ ᠶᠦᠨ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ 86 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃
65f6791e8d3a6b47493b81acd8b7451.jpg
      ᠬᠤᠷᠠᠯ ᠠᠴᠠ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ 11 ᠳ᠋ᠤᠭᠡᠷ ᠰᠠᠷ᠎ᠠ ᠶᠢᠨ 27᠎ ᠤ ᠡᠳᠦᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ ᠴᠢᠬᠤᠯᠠᠴᠢᠯᠠᠭᠰᠠᠨ ᠨᠢ᠂ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠠ ᠠᠭᠤᠰᠤᠯᠴᠠᠵᠤ᠂ ᠡᠵᠡᠨ ᠬᠤᠷᠤᠭ᠎ᠠ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠭᠠᠳᠠᠭᠠᠳᠤ ᠶᠠᠪᠤᠳᠠᠯ ᠤᠨ ᠠᠵᠢᠯ ᠤᠨ ᠪᠦᠬᠦ ᠶᠠᠪᠤᠴᠠ ᠡᠯ᠎ᠡ ᠭᠤᠭᠴᠤᠭ᠎ᠠ ᠳᠤ ᠡᠷᠡᠰ ᠲᠤᠭᠤᠰᠢᠯᠠᠭᠤᠯᠵᠤ᠂ ᠪᠦᠬᠦ ᠬᠤᠰᠢᠭᠤᠨ ᠤ ᠭᠠᠳᠠᠭᠠᠳᠤ ᠶᠠᠪᠤᠳᠠᠯ ᠤᠨ ᠠᠵᠢᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠪᠡ᠃
014566af0287fdf9f3a9b067c7cebaa.jpg
      ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠰᠢᠭᠤᠨ ᠤ ᠠᠮᠤ ᠪᠤᠳᠠᠭᠠᠨ ᠤ ᠠᠮᠤᠷ ᠲᠦᠪᠰᠢᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠤᠨᠤᠰᠴᠤ ᠴᠢᠬᠤᠯᠠᠴᠢᠯᠠᠭᠰᠠᠨ ᠨᠢ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠡᠷᠡᠰ ᠰᠠᠶᠢᠲᠤᠷ ᠰᠠᠬᠢᠵᠤ᠂ ᠠᠮᠤ ᠪᠤᠳᠠᠭ᠎ᠠ ᠶᠢ ᠬᠠᠮᠢᠶᠠᠷᠬᠤ ᠠᠮᠤ ᠪᠤᠳᠠᠭ᠎ᠠ ᠶᠢ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠦᠨᠡᠨ ᠬᠦ ᠪᠠᠬᠢᠵᠢᠭᠦᠯᠬᠦ ᠬᠡᠷᠡᠭᠲᠡᠶ ᠭᠡᠪᠠ᠃      ᠬᠤᠷᠠᠯ ᠠᠴᠠ ᠳᠡᠭᠡᠳᠦ ᠱᠠᠲᠤᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠠᠵᠢᠯ ᠤᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ ᠴᠢᠬᠤᠯᠠᠴᠢᠯᠠᠭᠰᠠᠨ ᠨᠢ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠨᠢᠭᠡᠳᠦᠯᠲᠡᠢ ᠲᠥᠯᠥᠪᠵᠢᠭᠦᠯᠦᠨ᠂ ᠤᠯᠤᠰ ᠤᠨ ᠠᠮᠤᠷ ᠲᠦᠪᠰᠢᠨ ᠤ ᠬᠥᠮᠦᠵᠢᠯ ᠪᠣᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠰᠠᠶᠢᠲᠤᠷ ᠠᠳᠬᠤᠵᠤ᠂ ᠪᠦᠬᠦ ᠲᠠᠯ᠎ᠠ ᠶᠢᠨ ᠪᠦᠬᠦ ᠬᠦᠷᠢᠶᠡᠨ ᠤ ᠤᠯᠤᠰ ᠤᠨ ᠠᠮᠤᠷ ᠲᠦᠪᠰᠢᠨ ᠤ ᠠᠵᠢᠯ ᠤᠨ ᠰᠢᠰᠲ᠋ᠧᠮ ᠢ ᠲᠦᠷᠭᠡᠳᠬᠡᠨ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ ᠭᠡᠪᠠ᠃      ᠬᠤᠷᠠᠯ ᠠᠴᠠ ᠬᠤᠯᠪᠣᠭᠳᠠᠯ ᠪᠦᠬᠦᠢ ᠤᠳᠤᠷᠢᠳᠤᠯᠭ᠎ᠠ ᠶᠢᠨ ᠮᠠᠨ ᠤ ᠬᠤᠰᠢᠭᠤᠨ ᠳᠤ ᠨᠠᠮ ᠤᠨ ᠰᠤᠷᠭᠠᠭᠤᠯᠢ ᠶᠢᠨ ᠠᠵᠢᠯ ᠪᠠ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠬᠤ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠤᠯᠴᠠᠵᠦ ᠴᠢᠬᠤᠯᠠᠴᠢᠯᠠᠭᠰᠠᠨ ᠨᠢ᠂ ᠮᠠᠯᠴᠢᠨ ᠲᠠᠷᠢᠶᠠᠴᠢᠨ ᠨᠠᠮ ᠤᠨ ᠭᠡᠰᠢᠭᠦᠨ᠂ ᠵᠠᠯᠠᠭᠤ ᠺᠠᠳ᠋ᠷ ᠵᠡᠷᠭᠡ ᠭᠤᠣᠯᠳᠠᠯᠭ᠎ᠠ ᠲᠠᠢ ᠬᠥᠮᠦᠰ ᠤᠨ ᠪᠤᠯᠪᠠᠰᠤᠷᠠᠯ ᠤᠨ ᠠᠵᠢᠯ ᠢ ᠰᠠᠶᠢᠲᠤᠷ ᠠᠳᠬᠤᠵᠤ᠂ ᠤᠨᠤᠯ ᠤᠨ ᠦᠢᠯᠡᠳᠦᠯᠭᠡ ᠶᠢᠨ ᠬᠥᠮᠦᠵᠢᠯ ᠤᠨ ᠰᠠᠭᠤᠷᠢᠨ ᠢ ᠪᠠᠶᠢᠭᠤᠯᠵᠤ᠂ ᠪᠦᠬᠦ ᠣᠷᠣᠨ ᠴᠢᠨᠠᠭᠰᠢᠯᠠᠪᠠᠯ ᠪᠦᠬᠦ ᠤᠯᠤᠰ ᠤᠨ ᠲᠡᠷᠢᠭᠦᠨ ᠤ ᠬᠤᠰᠢᠭᠤ ᠰᠢᠶᠠᠨ ᠤ ᠱᠠᠲᠤᠨ ᠤ ᠨᠠᠮ ᠤᠨ ᠰᠤᠷᠭᠠᠭᠤᠯᠢ ᠶᠢ ᠲᠦᠷᠭᠡᠳᠬᠡᠨ ᠪᠠᠶᠢᠭᠤᠯᠬᠤ ᠬᠡᠷᠡᠭᠲᠡᠢ᠃ ᠭᠤᠷᠪᠠᠨ ︽ᠦᠨᠡᠨ ᠪᠣᠳᠠᠲᠠᠢ︾ ᠴᠢᠬᠤᠯᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠨᠤᠯ ᠤᠨ ᠰᠤᠷᠤᠯᠴᠠᠯᠭ᠎ᠠ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠂ ᠠᠷᠠᠳ ᠤᠨ ᠲᠥᠯᠥᠭᠡ ᠪᠤᠳᠠᠳᠤ ᠶᠠᠪᠤᠳᠠᠯ ᠬᠢᠬᠦ ᠵᠡᠷᠭᠡ ᠭᠤᠣᠯᠳᠠᠯᠭ᠎ᠠ ᠲᠠᠢ ᠠᠵᠢᠯ ᠢ ᠴᠢᠨᠠᠭᠰᠢᠳᠠ ᠰᠠᠶᠢᠲᠤᠷ ᠬᠢᠵᠦ᠂ ᠭᠤᠣᠯ ᠰᠡᠳᠦᠪᠲᠦ ᠬᠥᠮᠦᠵᠢᠯ ᠤᠨ ᠦᠨᠡᠨ ᠬᠦ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠪᠠ᠃       ᠬᠤᠷᠠᠯ ᠠᠴᠠ ᠪᠥᠬᠦ ᠬᠤᠰᠢᠭᠤᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠪᠠᠶᠢᠩᠭᠤᠵᠢᠭᠤᠯᠤᠨ ᠵᠠᠰᠠᠬᠤ ᠪᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠡᠵᠡᠨ ᠬᠤᠷᠤᠭ᠎ᠠ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠦᠮᠴᠢᠯᠡᠯ ᠤᠨ ᠡᠷᠬᠡ ᠶᠢ ᠡᠷᠬᠢᠯᠳᠡ ᠳᠤ ᠤᠷᠤᠭᠤᠯᠵᠦ ᠠᠷᠠᠯᠵᠢᠶᠠᠯᠠᠬᠤ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︽ᠠᠶᠤᠯᠭᠦᠢ ᠦᠢᠯᠡᠳᠪᠦᠷᠢᠯᠡᠯ ᠤᠨ ᠠᠵᠢᠯ ᠲᠥᠷᠥᠯ ᠤᠨ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠠᠷᠭ᠎ᠠ ᠬᠡᠮᠵᠢᠶ᠎ᠡ ᠨᠦᠭᠦᠳ︾᠎ ᠢ ᠰᠤᠳᠤᠯᠤᠨ ᠬᠢᠨᠠᠨ ᠵᠥᠪᠯᠡᠪᠡ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ