ᠥᠪᠡᠷᠲᠡᠭᠡᠨ ᠵᠠᠰᠠᠬᠤ ᠣᠷᠣᠨ ᠤ 32᠎ ᠲᠠᠬᠢ ᠳᠡᠯᠡᠬᠡᠢ ᠶᠢᠨ ᠵᠡᠮᠳᠡᠭᠴᠦᠳ ᠤᠨ ᠡᠳᠦᠷ ᠤᠨ ᠰᠢᠷᠢᠰ ᠠᠵᠢᠯᠯᠠᠭ᠎ᠠ ᠡᠬᠢᠯᠡᠪᠡ  ᠴᠢ᠊ ᠪᠠᠲᠤ ᠣᠷᠣᠯᠴᠠᠵᠠᠢ
ᠨᠡᠶᠢᠲᠡᠯᠡᠭᠰᠡᠨ ᠴᠠᠭ᠄
2023/12/5
      12 ᠰᠠᠷ᠎ᠠ ᠶᠢᠨ 1᠎ ᠤ ᠡᠳᠦᠷ᠂ ᠥᠪᠡᠷᠲᠡᠭᠡᠨ ᠵᠠᠰᠠᠬᠤ ᠣᠷᠣᠨ ᠤ 32᠎ ᠲᠠᠬᠢ ᠳᠡᠯᠡᠬᠡᠢ ᠶᠢᠨ ᠵᠡᠮᠳᠡᠭᠴᠦᠳ ᠤᠨ ᠡᠳᠦᠷ ᠤᠨ ᠰᠢᠷᠢᠰ ᠠᠵᠢᠯᠯᠠᠭ᠎ᠠ ᠭᠦᠭᠡᠬᠤᠲᠠ ᠳᠤ ᠡᠬᠢᠯᠡᠪᠡ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠠᠵᠢᠯ ᠤᠨ ᠵᠥᠪᠯᠡᠯ ᠤᠨ ᠡᠷᠭᠢᠯᠡᠭᠴᠢ ᠴᠢ᠊ ᠪᠠᠲᠤ ᠡᠭᠢᠯᠡᠯᠲᠡ ᠶᠢᠨ ᠶᠣᠰᠣᠯᠠᠯ ᠳᠤ ᠣᠷᠣᠯᠴᠠᠵᠠᠢ᠃      ᠡᠭᠢᠯᠡᠯᠲᠡ ᠶᠢᠨ ᠶᠣᠰᠣᠯᠠᠯ ᠳᠡᠭᠡᠷ᠎ᠡ 15 ᠬᠠᠶᠢᠷ᠎ᠠ ᠬᠠᠯᠠᠮᠵᠢ ᠶᠢᠨ ᠨᠢᠭᠡᠴᠢ ᠠᠴᠠ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠲᠤ 460 ᠭᠠᠷᠤᠢ ᠲᠦᠮᠡᠨ ᠲᠥᠭᠦᠷᠢᠭ ᠤᠨ ᠥᠷᠲᠡᠭ ᠪᠦᠬᠦᠢ ᠵᠣᠭᠤᠰ ᠪᠣᠳᠠᠰ ᠬᠠᠨᠳᠢᠪᠯᠡᠵᠤ᠂ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠠᠴᠠ 3 ᠵᠡᠮᠳᠡᠭ ᠬᠥᠮᠥᠨ ᠳᠤ ᠬᠥᠲᠥᠴᠢ ᠨᠣᠬᠠᠢ ᠬᠠᠨᠳᠢᠪᠯᠡᠪᠠ᠃ ᠲᠤᠬᠠᠢ ᠶᠢᠨ ᠲᠠᠯᠠᠪᠠᠢ ᠳᠤ ᠪᠠᠰᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠲᠠᠪᠴᠠᠩ ᠪᠠ ᠬᠠᠤᠯᠢ ᠴᠠᠭᠠᠵᠠ ᠶᠢᠨ ᠯᠠᠪᠯᠠᠭ᠎ᠠ ᠶᠢᠨ ᠲᠠᠪᠴᠠᠩ ᠭᠠᠷᠭᠠᠵᠤ᠂ ᠵᠡᠮᠳᠡᠭᠴᠦᠳ ᠲᠤ ᠬᠠᠨᠳᠤᠭᠤᠯᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠥᠷᠨᠢᠭᠦᠯᠪᠡ᠃ᠲᠤᠬᠠᠢ ᠶᠢᠨ ᠲᠠᠯᠠᠪᠠᠢ ᠳᠤ ᠪᠠᠰᠠ ᠵᠡᠮᠳᠡᠭᠴᠦᠳ ᠲᠤ ᠠᠵᠢᠯ ᠣᠯᠭᠤᠬᠤ ᠲᠤᠰᠬᠠᠢ ᠲᠠᠯᠠᠪᠠᠢ ᠶᠢᠨ ᠤᠷᠢᠵᠤ ᠡᠯᠰᠡᠬᠦ ᠬᠤᠷᠠᠯ ᠬᠢᠵᠦ᠂ 35 ᠠᠵᠤ ᠠᠬᠤᠶᠢᠯᠠᠯ ᠵᠡᠮᠳᠡᠭᠴᠦᠳ ᠲᠤ 400 ᠭᠠᠷᠤᠢ ᠲᠤᠰᠬᠠᠢ ᠠᠵᠢᠯ ᠤᠨ ᠪᠠᠶᠢᠷᠢ ᠬᠠᠩᠭᠠᠵᠤ᠂ ᠵᠠᠭᠤ ᠭᠠᠷᠤᠢ ᠵᠡᠮᠳᠡᠭ ᠬᠥᠮᠥᠨ ᠤᠷᠢᠵᠤ ᠡᠯᠰᠡᠬᠦ ᠬᠤᠷᠠᠯ ᠳᠤ ᠣᠷᠣᠯᠴᠠᠵᠠᠢ᠃ 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ