︽ᠡᠵᠡᠨ ᠬᠤᠷᠤᠭ᠎ᠠ ᠬᠤᠰᠢᠭᠤᠨ ᠤ ᠪᠥᠬᠦ ᠠᠷᠠᠳ ᠤᠨ ᠰᠢᠨᠵᠢᠯᠡᠬᠦ ᠤᠬᠠᠭᠠᠨᠴᠢ ᠬᠡᠪ ᠴᠢᠨᠠᠷ ᠤᠨ ᠠᠵᠢᠯᠯᠠᠭ᠎ᠠ ᠶᠢᠨ ᠲᠥᠯᠦᠪᠵᠢᠭᠦᠯᠭᠡ ᠶᠢᠨ ᠬᠥᠲᠥᠯᠪᠦᠷᠢ ᠶᠢ ᠬᠡᠷᠡᠭᠵᠢᠭᠦᠯᠬᠦ ᠲᠥᠰᠥᠯ ︵2021 ​᠊᠊᠊᠊᠊᠊᠊ 2025 ᠣᠨ︶︾᠎ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/12/5
     ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠶᠣᠰᠣᠭᠠᠷ᠂ ᠬᠤᠰᠢᠭᠤᠨ ᠤ ᠪᠥᠬᠦ ᠠᠷᠠᠳ ᠤᠨ ᠰᠢᠨᠵᠢᠯᠡᠬᠦ ᠤᠬᠠᠭᠠᠨᠴᠢ ᠬᠡᠪ ᠴᠢᠨᠠᠷ ᠤᠨ ᠠᠵᠢᠯ ᠤᠨ ᠠᠯᠪᠠᠨ ᠭᠡᠷ ᠠᠴᠠ ︽ᠡᠵᠡᠨ ᠬᠤᠷᠤᠭ᠎ᠠ ᠬᠤᠰᠢᠭᠤᠨ ᠤ ᠪᠥᠬᠦ ᠠᠷᠠᠳ ᠤᠨ ᠰᠢᠨᠵᠢᠯᠡᠬᠦ ᠤᠬᠠᠭᠠᠨᠴᠢ ᠬᠡᠪ ᠴᠢᠨᠠᠷ ᠤᠨ ᠠᠵᠢᠯᠯᠠᠭ᠎ᠠ ᠶᠢᠨ ᠲᠥᠯᠦᠪᠵᠢᠭᠦᠯᠭᠡ ᠶᠢᠨ ᠬᠥᠲᠥᠯᠪᠦᠷᠢ ᠶᠢ ᠬᠡᠷᠡᠭᠵᠢᠭᠦᠯᠬᠦ ᠲᠥᠰᠥᠯ ︵2021᠊᠊᠊᠊᠊᠊᠊ 2025 ᠣᠨ︶︾ ︵ᠳᠣᠷᠣᠭᠰᠢ ︽ᠬᠥᠲᠥᠯᠪᠦᠷᠢ︾ ᠭᠡᠵᠦ ᠲᠣᠪᠴᠢᠯᠠᠨ᠎ᠠ︶᠎ ᠢ ᠲᠤᠭᠤᠷᠪᠢᠵᠤ᠂ ᠡᠳᠦᠭᠡ ᠳᠣᠣᠷᠠᠬᠢ ᠮᠡᠲᠦ ᠲᠠᠶᠢᠯᠤᠮᠵᠢ ᠬᠢᠶ᠎ᠠ᠄     ᠨᠢᠭᠡ᠂ ᠲᠤᠭᠤᠷᠪᠢᠨ ᠪᠢᠴᠢᠭᠰᠡᠨ ᠠᠬᠤᠢ ᠪᠠᠶᠢᠳᠠᠯ     ᠪᠦᠬᠦ ᠠᠷᠠᠳ ᠤᠨ ᠰᠢᠨᠵᠢᠯᠡᠬᠦ ᠤᠬᠠᠭᠠᠨᠴᠢ ᠬᠡᠪ ᠴᠢᠨᠠᠷ ᠢ ᠤᠯᠠᠮ ᠴᠢᠨᠠᠭᠰᠢᠳᠠ ᠳᠡᠭᠡᠭᠰᠢᠯᠡᠭᠦᠯᠬᠦ ᠶᠢᠨ ᠲᠥᠯᠥᠭᠡ᠂ ︽ᠪᠦᠬᠦ ᠠᠷᠠᠳ ᠤᠨ ᠰᠢᠨᠵᠢᠯᠡᠬᠦ ᠤᠬᠠᠭᠠᠨᠴᠢ ᠬᠡᠪ ᠴᠢᠨᠠᠷ ᠤᠨ ᠠᠵᠢᠯᠯᠠᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ︵2021 ᠊᠊᠊᠊᠊ 2035 ᠣᠨ︶ ᠮᠡᠳᠡᠭᠳᠡᠯ︾ ︵ᠲᠦᠷᠦ ᠲᠠᠷᠬᠠᠭᠠᠭᠰᠠᠨ〔2021〕9 ᠳ᠋ᠤᠭᠡᠷ ᠲᠣᠭᠠᠲᠤ︶ ︽ᠥᠪᠡᠷᠲᠡᠭᠡᠨ ᠵᠠᠰᠠᠬᠤ ᠣᠷᠣᠨ ᠤ ᠪᠥᠬᠦ ᠠᠷᠠᠳ ᠤᠨ ᠰᠢᠨᠵᠢᠯᠡᠬᠦ ᠤᠬᠠᠭᠠᠨᠴᠢ ᠬᠡᠪ ᠴᠢᠨᠠᠷ ᠤᠨ ᠠᠵᠢᠯᠯᠠᠭ᠎ᠠ ᠶᠢᠨ ᠲᠥᠯᠦᠪᠵᠢᠭᠦᠯᠭᠡ ᠶᠢᠨ ᠬᠥᠲᠥᠯᠪᠦᠷᠢ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ︵2021 ᠊᠊᠊᠊᠊᠊᠊ 2025 ᠣᠨ︶᠎ ᠤ ᠮᠡᠳᠡᠭᠳᠡᠯ ︵ᠥᠪᠥᠷ ᠵᠠᠰᠠᠭ ᠲᠠᠷᠬᠠᠭᠠᠭᠰᠠᠨ ﹇2021﹈ 22 ᠳ᠋ᠤᠭᠠᠷ ᠲᠣᠭᠠᠲᠤ︶ ︽ᠣᠷᠳᠣᠰ ᠬᠤᠲᠠ ᠶᠢᠨ ᠪᠥᠬᠦ ᠠᠷᠠᠳ ᠤᠨ ᠰᠢᠨᠵᠢᠯᠡᠬᠦ ᠤᠬᠠᠭᠠᠨᠴᠢ ᠬᠡᠪ ᠴᠢᠨᠠᠷ ᠤᠨ ᠠᠵᠢᠯᠯᠠᠭ᠎ᠠ ᠶᠢᠨ ᠲᠥᠯᠦᠪᠵᠢᠭᠦᠯᠭᠡ ᠶᠢᠨ ᠬᠥᠲᠥᠯᠪᠦᠷᠢ ᠶᠢ ᠬᠡᠷᠡᠭᠵᠢᠭᠦᠯᠬᠦ ᠲᠥᠰᠥᠯ ︵2021 ᠊᠊᠊᠊᠊᠊᠊ 2025 ᠣᠨ︶︾ ᠪᠠ ︽ᠡᠵᠡᠨ ᠬᠤᠷᠤᠭ᠎ᠠ ᠬᠤᠰᠢᠭᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠪᠠ 2035 ᠣᠨ ᠤ ᠠᠯᠤᠰ ᠬᠡᠳᠦ ᠶᠢᠨ ᠬᠠᠷᠠᠯᠲᠠ ᠶᠢᠨ ᠬᠥᠲᠥᠯᠪᠦᠷᠢ︾᠎ ᠶᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠥᠯ ᠢ ᠲᠣᠭᠲᠠᠭᠠᠪᠠ᠃     ᠬᠤᠶᠠᠷ᠂ ᠭᠤᠣᠯ ᠴᠣᠭᠴᠠ ᠶᠢᠨ ᠪᠣᠷᠣ ᠲᠥᠯᠥᠪ     ᠡᠵᠡᠨ ᠬᠤᠷᠤᠭ᠎ᠠ ᠬᠤᠰᠢᠭᠤᠨ ᠤ ︽ᠬᠥᠲᠥᠯᠪᠦᠷᠢ︾᠎ ᠶᠢᠨ ᠬᠠᠷᠠᠯᠲᠠ ᠨᠢ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ︽ᠬᠥᠲᠥᠯᠪᠦᠷᠢ︾᠎ ᠶᠢᠨ ᠬᠠᠷᠠᠯᠲᠠ ᠲᠠᠢ ᠨᠢᠬᠡᠳᠦᠯᠳᠠᠢ ᠪᠠᠶᠢᠵᠤ᠂ ᠪᠦᠲᠦᠴᠡ ᠳᠤ ᠭᠤᠣᠯᠳᠠᠭᠤ ᠶᠡᠷᠦᠩᠬᠡᠢ ᠱᠠᠭᠠᠷᠳᠠᠯᠭ᠎ᠠ᠂ ᠦᠨᠳᠦᠰᠦᠨ ᠵᠠᠷᠴᠢᠮ᠂ ᠳᠡᠭᠡᠭᠰᠢᠯᠡᠭᠦᠯᠬᠦ ᠠᠵᠢᠯᠯᠠᠭ᠎ᠠ᠂ ᠭᠤᠤᠯᠳᠠᠯᠭᠠᠳᠤ ᠢᠨᠵᠧᠨᠧᠷᠢᠩ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠵᠡᠷᠭᠡ ᠬᠡᠰᠡᠭ ᠪᠠᠭᠲᠠᠨ᠎ᠠ᠃     ᠭᠤᠷᠪᠠ᠂ ᠶᠡᠷᠦᠩᠬᠡᠢ ᠱᠠᠭᠠᠷᠳᠠᠯᠭ᠎ᠠ ᠪᠠ ᠬᠠᠷᠠᠯᠲᠠ     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠰᠢᠨᠵᠢᠯᠡᠬᠦ ᠤᠬᠠᠭᠠᠨ ᠤ ᠬᠡᠪ ᠴᠢᠨᠠᠷ ᠎ ᠤᠨ ᠪᠠᠶᠢᠭᠤᠯᠤᠯᠲᠠ ᠶᠢᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠪᠣᠯᠣᠨ ᠥᠪᠥᠷ ᠮᠣᠩᠭᠤᠯ ᠎ ᠳᠤ ᠦᠭᠬᠦᠭᠰᠡᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮᠴᠢᠯᠡᠨ ᠬᠠᠮᠵᠢᠯᠴᠠᠭᠰᠠᠨ᠂ ᠤᠯᠠᠨ ᠲᠦᠮᠡᠨᠴᠢᠯᠡᠭᠰᠡᠨ᠂ ᠣᠶᠤᠨᠴᠢᠯᠠᠨ ᠤᠯᠠᠮᠵᠢᠯᠠᠭᠰᠠᠨ᠂ ᠵᠢᠷᠤᠮᠵᠢᠭᠤᠯᠤᠭᠰᠠᠨ ᠪᠠᠶᠢᠭᠤᠯᠤᠯᠲᠠ ᠶᠢᠨ ᠪᠥᠬᠦ ᠣᠷᠣᠨ ᠪᠦᠰᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠢᠨ᠎ᠡ ᠪᠠᠶᠢᠷᠢᠰᠢᠯ ᠢ ᠬᠦᠴᠦᠯᠡᠨ ᠪᠤᠢ ᠪᠣᠯᠭᠠᠨ᠎ᠠ᠃ 2025 ᠣᠨ ᠪᠣᠯᠬᠤ ᠳᠤ᠂ ᠡᠵᠡᠨ ᠬᠤᠷᠤᠭ᠎ᠠ ᠬᠤᠰᠢᠭᠤᠨ ᠤ ᠠᠷᠠᠳ ᠢᠷᠭᠡᠳ ᠤᠨ ᠰᠢᠨᠵᠢᠯᠡᠬᠦ ᠤᠬᠠᠭᠠᠨᠴᠢ ᠬᠡᠪ ᠴᠢᠨᠠᠷ ᠢ ᠪᠦᠷᠢᠯᠳᠦᠭᠦᠯᠦᠭᠰᠡᠨ ᠬᠠᠷᠢᠴᠠᠯ 14%᠎ ᠳᠤ ᠬᠦᠷᠴᠦ᠂ ᠡᠯ᠎ᠡ ᠪᠠᠯᠭᠠᠰᠤ᠂ ᠡᠯ᠎ᠡ ᠬᠥᠮᠥᠰ ᠤᠨ ᠰᠢᠨᠵᠢᠯᠡᠬᠦ ᠤᠬᠠᠭᠠᠨᠴᠢ ᠬᠡᠪ ᠴᠢᠨᠠᠷ ᠤᠨ ᠬᠥᠭᠵᠢᠯᠲᠡ ᠲᠡᠩᠴᠡᠭᠦᠷᠢ ᠦᠭᠡᠢ ᠪᠠᠶᠢᠬᠤ ᠪᠠᠶᠢᠳᠠᠯ ᠢᠯᠡᠳᠲᠡ ᠰᠠᠶᠢᠵᠢᠷᠠᠵᠤ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠠᠳᠠᠯᠢ ᠲᠡᠭᠰᠢ ᠪᠣᠯᠭᠠᠬᠤ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨᠴᠢ ᠬᠡᠪ ᠴᠢᠨᠠᠷ ᠤᠨ ᠪᠠᠶᠢᠭᠤᠯᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠬᠠᠮᠵᠢᠯᠴᠠᠬᠤ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ︽ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠳᠠᠯᠢᠬᠠᠨ ᠴᠢᠬᠤᠯᠠ ᠪᠠᠶᠢᠯᠭᠠᠬᠤ︾ ᠳᠦᠷᠢᠮ ᠤᠨ ᠲᠣᠬᠢᠷᠠᠭᠤᠯᠤᠯᠲᠠ ᠶᠢ ᠦᠨᠳᠦᠰᠦᠨ ᠳᠡᠭᠡᠨ ᠪᠦᠷᠢᠯᠳᠦᠭᠦᠯᠵᠦ᠂ ᠪᠥᠬᠦ ᠠᠷᠠᠳ ᠢᠶᠠᠷ ᠢᠶᠠᠨ ᠰᠢᠨᠵᠢᠯᠡᠬᠦ ᠤᠬᠠᠭᠠᠨᠴᠢ ᠬᠡᠪ ᠴᠢᠨᠠᠷ ᠤᠨ ᠪᠠᠶᠢᠭᠤᠯᠤᠯᠲᠠ ᠳᠤ ᠣᠷᠣᠯᠴᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠥᠷᠲᠡᠭ ᠤᠨ ᠬᠥᠲᠥᠯᠥᠨ ᠳᠠᠭᠠᠭᠤᠯᠬᠤ ᠦᠢᠯᠡᠳᠦᠯ ᠢ ᠤᠯᠠᠮ ᠨᠢᠭᠡ ᠠᠯᠬᠤᠮ ᠲᠣᠪᠤᠶᠢᠯᠭᠠᠨ᠂ ᠰᠢᠨᠵᠢᠯᠡᠬᠦ ᠤᠬᠠᠭᠠᠨ ᠢ ᠬᠠᠶᠢᠷᠠᠯᠠᠬᠤ᠂ ᠰᠢᠨ᠎ᠡ ᠶᠢ ᠡᠭᠦᠳᠬᠦ ᠶᠢ ᠡᠷᠬᠢᠮᠯᠡᠬᠦ ᠨᠡᠶᠢᠭᠡᠮ ᠤᠨ ᠠᠭᠤᠷ ᠠᠮᠢᠰᠬᠤᠯ ᠢ ᠡᠳᠦᠷ ᠢᠷᠡᠬᠦᠶ᠎ᠡ ᠨᠡᠮᠡᠭᠳᠡᠬᠦᠯᠦᠨ᠎ᠡ᠃     ᠳᠥᠷᠪᠡ᠂ ᠳᠡᠭᠡᠭᠰᠢᠯᠡᠭᠦᠯᠬᠦ ᠠᠵᠢᠯᠯᠠᠭ᠎ᠠ     ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠦᠢᠯᠡᠳᠦᠯᠭᠡᠵᠢᠭᠦᠯᠬᠦ ᠪᠠᠷ ᠭᠤᠣᠯᠳᠠᠯᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠵᠤ᠂ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠣᠶᠤᠨᠴᠢ ᠰᠡᠳᠬᠢᠬᠦᠢ ᠶᠢ ᠪᠣᠶᠢᠵᠢᠭᠤᠯᠤᠨ᠂ ᠪᠣᠯᠪᠠᠰᠤᠨ᠂ ᠡᠷᠡᠭᠦᠯ᠂ ᠪᠣᠬᠢᠷᠲᠤᠯ ᠦᠭᠡᠢ᠂ ᠣᠷᠴᠢᠨ ᠲᠣᠭᠤᠷᠢᠨ ᠢ ᠬᠠᠮᠠᠭᠠᠯᠠᠬᠤ ᠰᠢᠨᠵᠢᠯᠡᠬᠦ ᠤᠬᠠᠭᠠᠨᠴᠢ ᠠᠮᠢᠳᠤᠷᠠᠯ ᠤᠨ ᠠᠷᠭ᠎ᠠ ᠮᠠᠶ᠋ᠢᠭ ᠢ ᠪᠤᠶ ᠪᠣᠯᠭᠠᠵᠤ᠂ ᠬᠥᠳᠡᠯᠮᠦᠷᠢ᠂ ᠦᠢᠯᠡᠳᠪᠦᠷᠢᠯᠡᠯ᠂ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠤᠷ᠎ᠠ ᠴᠢᠳᠠᠪᠤᠷᠢ ᠶᠢ ᠳᠡᠭᠡᠭᠰᠢᠯᠡᠭᠦᠯᠦᠨ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠳᠤ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨᠴᠢ ᠬᠡᠪ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ᠂ ᠮᠠᠯᠴᠢᠨ ᠲᠠᠷᠢᠶᠠᠴᠢᠨ ᠤ ᠰᠢᠨᠵᠢᠯᠡᠬᠦ ᠤᠬᠠᠭᠠᠨᠴᠢ ᠬᠡᠪ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ᠂ ᠠᠵᠤ ᠦᠢᠯᠡᠰ ᠤᠨ ᠠᠵᠢᠯᠴᠢᠨ ᠤ ᠰᠢᠨᠵᠢᠯᠡᠬᠦ ᠤᠬᠠᠭᠠᠨᠴᠢ ᠬᠡᠪ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ᠂ ᠨᠠᠰᠤᠲᠠᠶᠢᠴᠤᠳ ᠤᠨ ᠰᠢᠨᠵᠢᠯᠡᠬᠦ ᠤᠬᠠᠭᠠᠨᠴᠢ ᠬᠡᠪ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠵᠢᠴᠢ ᠤᠳᠤᠷᠢᠳᠬᠤ ᠺᠠᠳ᠋ᠷ ᠪᠠ ᠠᠯᠪᠠᠳᠠᠨ ᠤ ᠰᠢᠨᠵᠢᠯᠡᠬᠦ ᠤᠬᠠᠭᠠᠨᠴᠢ ᠬᠡᠪ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠵᠡᠷᠭᠡ ᠲᠠᠪᠤᠨ ᠵᠦᠢᠯ ᠤᠨ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃     ᠲᠠᠪᠤ᠂ ᠭᠤᠤᠯᠳᠠᠯᠭᠠᠳᠤ ᠢᠨᠵᠧᠨᠧᠷᠢᠩ     ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠩᠭᠠᠯᠭ᠎ᠠ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠰᠠᠭᠤᠷᠢ ᠶᠢ ᠪᠠᠬᠢᠵᠢᠭᠦᠯᠤᠨ᠂ ᠳᠠᠪᠠᠭᠤᠯᠢᠭ ᠢ ᠪᠠᠳᠠᠷᠠᠭᠤᠯᠵᠤ᠂  ᠲᠤᠳᠠᠭᠳᠠᠯ ᠢᠶᠠᠨ ᠨᠥᠬᠦᠪᠦᠷᠢᠯᠡᠨ᠂ ᠪᠠᠭᠤᠷᠠᠢ ᠲᠠᠯ᠎ᠠ ᠪᠠᠨ ᠲᠡᠬᠡᠭᠰᠢᠯᠡᠬᠦᠯᠵᠤ᠂ ᠪᠡᠶᠡᠴᠢ ᠴᠣᠭᠴᠠ ᠤᠯᠠᠨ ᠡᠰᠢᠴᠢᠯᠡᠭᠰᠡᠨ᠂ ᠠᠷᠭ᠎ᠠ ᠪᠠᠷᠢᠯ ᠤᠯᠠᠨ ᠶᠠᠩᠵᠤ ᠂ ᠬᠠᠩᠭᠠᠯᠭ᠎ᠠ ᠴᠢᠨᠠᠷ ᠰᠠᠶᠢᠲᠠᠢ᠂ ᠲᠣᠭᠲᠠᠴᠠ ᠪᠦᠲᠦᠮᠵᠢᠲᠡᠶ ᠪᠦᠬᠦ ᠣᠷᠣᠨ ᠪᠦᠰᠡ ᠶᠢᠨ᠂ ᠪᠦᠬᠦ ᠴᠠᠭ ᠤᠨ ᠰᠢᠨᠵᠢᠯᠡᠬᠦ ᠤᠬᠠᠭᠠᠨᠴᠢ ᠬᠡᠪ ᠴᠢᠨᠠᠷ ᠤᠨ ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠢᠨᠵᠧᠨᠧᠷᠢᠩ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠮᠡᠳᠡᠭᠡ ᠵᠠᠩᠭᠢᠵᠢᠯᠲᠠ ᠶᠢ ᠳᠡᠭᠡᠭᠰᠢᠯᠡᠭᠦᠯᠬᠦ ᠢᠨᠵᠧᠨᠧᠷᠢᠩ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠪᠠ ᠦᠨᠳᠦᠰᠦᠨ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠵᠡᠷᠭᠡ ᠲᠦᠷᠪᠡᠨ ᠵᠦᠢᠯ ᠤᠨ ᠭᠤᠤᠯᠳᠠᠯᠭᠠᠳᠤ ᠢᠨᠵᠧᠨᠧᠷᠢᠩ ᠢ ᠬᠡᠷᠡᠭᠵᠢᠭᠦᠯᠦᠨ᠎ᠡ᠃ 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ