ᠡᠵᠡᠨ ᠬᠤᠷᠤᠭ᠎ᠠ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠪᠥᠬᠦᠳᠡ ᠬᠤᠷᠠᠯ ᠵᠢᠴᠢ ᠠᠶᠤᠯᠭᠦᠶ  ᠦᠢᠯᠡᠳᠪᠦᠷᠢᠯᠡᠯ ᠤᠨ ᠲᠤᠰᠢᠶᠠᠯ ᠤᠨ ᠮᠡᠳᠡᠭᠦᠯᠦᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/6
       12 ᠳ᠋ᠤᠭᠠᠷ ᠰᠠᠷ᠎ᠠ ᠶᠢᠨ 5᠎ ᠤ ᠡᠳᠦᠷ᠂  ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤ ᠳᠠᠷᠤᠭ᠎ᠠ ᠦ᠋ ᠶᠦᠨ ᠡᠵᠡᠨ ᠬᠤᠷᠤᠭ᠎ᠠ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠪᠥᠬᠦᠳᠡ ᠬᠤᠷᠠᠯ ᠵᠢᠴᠢ ᠠᠶᠤᠯᠭᠦᠶ ᠦᠢᠯᠡᠳᠪᠦᠷᠢᠯᠡᠯ ᠤᠨ ᠲᠤᠰᠢᠶᠠᠯ ᠤᠨ ᠮᠡᠳᠡᠭᠦᠯᠦᠯᠲᠡ ᠬᠢᠬᠦ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ  ᠦᠢᠯᠡᠳᠪᠦᠷᠢᠯᠡᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠪᠥᠬᠦ ᠤᠯᠤᠰ᠂ ᠪᠥᠬᠦ ᠣᠷᠣᠨ᠂ ᠪᠥᠬᠦ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠢ ᠵᠠᠳᠠᠯᠵᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃
9b01139d0a3ffb9a1a636cfa97c1b10.jpg
      ᠬᠤᠷᠠᠯ ᠳᠡᠭᠡᠷ᠎ᠡ᠂ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠠᠴᠠ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠮᠡᠳᠡᠭᠳᠡᠵᠦ᠂ ᠡᠯ᠎ᠡ ᠲᠤᠰᠬᠠᠶ ᠵᠥᠪᠯᠡᠯ ᠤᠨ ᠡᠷᠬᠢᠯᠡᠭᠴᠢ ᠠᠶᠤᠯᠭᠦᠶ ᠦᠢᠯᠡᠳᠪᠦᠷᠢᠯᠡᠯ ᠤᠨ ᠠᠵᠢᠯ ᠤᠨ ᠮᠡᠳᠡᠭᠦᠯᠦᠯᠲᠡ ᠬᠢᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠡᠭᠦᠷᠭᠡ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠶ ᠭᠦᠢᠴᠡᠳᠭᠡᠬᠦ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠤ᠂ ᠠᠶᠤᠯᠭᠦᠶ  ᠦᠢᠯᠡᠳᠪᠦᠷᠢᠯᠡᠯ ᠤᠨ ᠠᠵᠢᠯ ᠤᠨ ᠬᠦᠨᠳᠦ ᠨᠣᠴᠢᠲᠠᠶ ᠴᠢᠨᠠᠷ ᠪᠠ ᠨᠠᠷᠢᠨ ᠪᠤᠳᠤᠯᠢᠶᠠᠨᠲᠤ ᠴᠢᠨᠠᠷ ᠢ ᠭᠦᠨᠵᠡᠭᠡᠶ ᠲᠠᠨᠢᠵᠤ᠂ ᠠᠮᠤᠷ ᠲᠦᠪᠰᠢᠨ ᠢ ᠠᠳᠬᠤᠨ ᠠᠮᠤᠷ ᠲᠦᠪᠰᠢᠨ ᠢ ᠬᠠᠮᠢᠶᠠᠷᠬᠤ ᠢᠳᠡᠪᠬᠢᠵᠢᠯ ᠰᠠᠨᠠᠭᠠᠴᠢᠯᠠᠭᠠᠲᠤ ᠴᠢᠨᠠᠷ ᠢᠶᠠᠨ ᠦᠨᠡᠨᠬᠦ ᠴᠢᠩᠭᠠᠳᠬᠠᠵᠤ᠂ ᠪᠥᠬᠦ ᠠᠵᠢᠯᠲᠠᠨ ᠤ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠨᠡᠶᠢᠲᠡᠯᠢᠭ ᠠᠰᠠᠭᠤᠳᠠᠯ ᠲᠠᠢ ᠬᠠᠷᠢᠴᠠᠭᠤᠯᠤᠨ ᠨᠠᠷᠢᠨ ᠬᠢᠨᠠᠮᠠᠭᠠᠶ ᠰᠤᠳᠤᠯᠵᠤ᠂ ᠳᠤᠲᠠᠭᠤᠳᠠᠯ ᠪᠠᠭᠤᠷᠠᠶ ᠲᠠᠯ᠎ᠠ ᠪᠠᠨ ᠭᠦᠨᠵᠡᠭᠡᠶ ᠵᠠᠳᠠᠯᠵᠤ᠂ ︽ᠤᠴᠢᠷ ᠶᠠᠪᠤᠳᠠᠯ ᠎ ᠢ  ᠦᠨᠵᠢᠭᠦᠯᠬᠦ ᠥᠬᠡᠶ︾ ᠵᠣᠷᠢᠭ ᠰᠠᠨᠠᠭ᠎ᠠ ᠶᠢ ᠪᠠᠳᠠᠷᠠᠭᠤᠯᠵᠤ᠂ ᠡᠯ᠎ᠡ ᠵᠣᠶᠢᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠤᠨ ᠪᠣᠳᠠᠲᠤ ᠦᠷ᠎ᠡ ᠪᠦᠲᠦᠮᠵᠢ ᠤᠯᠬᠤ ᠶᠢ ᠲᠦᠷᠭᠡᠨ ᠠᠬᠢᠭᠤᠯᠬᠤ ᠬᠡᠷᠡᠭᠲᠡᠶ᠃ ᠡᠭᠦᠷᠭᠡ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠢ ᠭᠦᠢᠴᠡᠳᠬᠡᠬᠦ ᠠᠵᠢᠯ ᠤᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ 7 ᠭᠤᠣᠯᠳᠠᠯᠭ᠎ᠠ ᠲᠠᠢ ᠬᠦᠷᠢᠶᠡᠨ ᠤ ᠠᠵᠢᠯ ᠲᠠᠢ ᠬᠠᠷᠢᠴᠠᠭᠤᠯᠤᠨ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ︽ᠤᠳᠠᠭᠠᠨ ᠪᠦᠳᠦᠭᠦᠯᠢᠭ ᠬᠡᠶᠢᠰᠪᠦᠷᠢ︾  ᠵᠡᠷᠭᠡ ᠠᠰᠠᠭᠤᠳᠠᠯ ᠢ ᠭᠦᠨᠵᠡᠭᠡᠢ ᠪᠠᠶᠢᠴᠠᠭᠠᠨ ᠦᠵᠡᠵᠦ᠂ ᠠᠭᠤᠷᠬᠠᠢ ᠶᠢᠨ ᠬᠦᠷᠢᠶ᠎ᠡ  ᠴᠠᠷᠠᠭ᠎ᠠ᠂ ᠠᠶᠤᠯᠲᠠᠢ ᠬᠢᠮᠢ ᠶᠢᠨ ᠦᠢᠯᠡᠳᠬᠦᠨ ᠎ ᠤ ᠠᠵᠤ ᠠᠬᠤᠶᠢᠯᠠᠯ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠭᠡᠮ ᠰᠣᠭᠤᠭ ᠢ ᠲᠤᠰᠬᠠᠢ ᠴᠡᠭᠴᠡᠯᠡᠨ ᠵᠠᠰᠠᠬᠤ ᠪᠠ ᠦᠪᠡᠰᠦᠪᠡᠨ ᠭᠡᠷ  ᠪᠠᠶᠢᠰᠢᠩ ᠪᠠᠷᠢᠬᠤ ᠵᠢᠴᠢ ᠬᠤᠳᠠ ᠪᠠᠯᠭᠠᠰᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠢ ᠴᠡᠭᠴᠡᠯᠡᠨ ᠰᠠᠶᠢᠵᠢᠷᠠᠭᠤᠯᠬᠤ ︽ᠡᠷᠬᠢᠨ ᠬᠠᠷᠠᠬᠤ︾ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠠᠶᠤᠯ ᠲᠦᠭᠰᠢᠭᠦᠷᠢ ᠭᠡᠮ ᠰᠣᠭᠤᠭ ᠢ ᠴᠢᠩᠭ᠎ᠠ ᠰᠡᠷᠭᠡᠶᠢᠯᠡᠨ ᠴᠢᠩᠭ᠎ᠠ ᠡᠵᠡᠮᠳᠡᠬᠦ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠶ ᠭᠦᠢᠴᠡᠳᠭᠡᠬᠦ ᠴᠢᠳᠠᠪᠤᠷᠢ ᠲᠦᠪᠰᠢᠨ ᠢᠶᠠᠨ ᠳᠡᠭᠡᠭᠰᠢᠯᠡᠭᠦᠯᠵᠦ᠂ ︽ᠦᠨᠳᠦᠰᠦᠨ ᠱᠠᠲᠤᠨ ᠤ ᠰᠠᠭᠤᠷᠢ ᠪᠥᠲᠥᠭᠡᠨ ᠪᠠᠶᠢᠭᠤᠯᠤᠯᠲᠠ ᠶᠢᠨ ᠣᠨ︾᠎ ᠤ ᠠᠵᠢᠯᠯᠠᠭ᠎ᠠ ᠶᠢ ᠦᠷᠨᠢᠬᠦᠯᠦᠨ᠂ ᠠᠮᠤᠷ ᠲᠦᠪᠰᠢᠨ ᠤ ᠪᠣᠯᠪᠠᠰᠤᠷᠠᠯ᠂ ᠬᠡᠮ ᠰᠣᠭᠤᠭ ᠢ ᠵᠢᠭᠰᠠᠭᠠᠨ ᠪᠠᠶᠢᠴᠠᠭᠠᠬᠤ᠂ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠬᠦ᠂ ᠤᠶᠤᠨᠴᠢᠯᠠᠬᠰᠠᠨ ᠪᠠᠶᠢᠭᠤᠯᠤᠯᠲᠠ ᠵᠡᠷᠭᠡ ᠲᠠᠯ᠎ᠠ ᠪᠠᠷ ᠰᠢᠰᠲ᠋ᠧᠮ ᠲᠠᠢ ᠳᠡᠭᠡᠭᠰᠢᠯᠡᠭᠦᠯᠵᠦ᠂ ᠲᠤᠰᠬᠠᠶᠢᠵᠢᠭᠰᠠᠨ ᠬᠠᠮᠢᠶᠠᠷᠤᠯᠲᠠ ᠶᠢᠨ ᠲᠦᠪᠰᠢᠨ ᠢᠶᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠡᠭᠦᠷᠭᠡ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠶ  ᠭᠦᠢᠴᠡᠳᠭᠡᠬᠦ ᠠᠵᠢᠯ ᠤᠨ ᠲᠣᠭᠲᠠᠴᠠ ᠶᠢ ᠪᠦᠷᠢᠨᠰᠢᠬᠦᠯᠵᠦ᠂ ︽ᠭᠤᠷᠪᠠ ᠶᠢ ᠬᠠᠮᠢᠶᠠᠷᠬᠤ ᠭᠤᠷᠪᠠᠨ ᠡᠷᠬᠡᠪᠰᠢ ︾ ᠲᠣᠭᠲᠠᠭᠠᠯ ᠤᠳ ᠢ ᠴᠢᠩᠭ᠎ᠠ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠱᠠᠯᠠᠪᠳᠠᠭᠤᠯᠤᠨ ᠪᠠᠶᠢᠴᠠᠭᠠᠵᠤ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠡᠯ᠎ᠡ ᠵᠣᠶᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠨᠠᠷᠢᠯᠢᠬᠵᠢᠭᠤᠯᠵᠤ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃  
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ