ᠡᠵᠡᠨ ᠬᠤᠷᠤᠭ᠎ᠠ ᠬᠤᠰᠢᠭᠤ ᠱᠧᠨ ᠳ᠋ᠦᠩ ᠨᠡᠭᠦᠷᠡᠰᠦᠨ ᠤ ᠪᠦᠯᠦᠭᠯᠡᠯ ᠲᠠᠢ ᠰᠠᠭᠤᠳᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/6
      12 ᠳ᠋ᠤᠭᠠᠷ ᠰᠠᠷ᠎ᠠ ᠶᠢᠨ 5᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤ ᠳᠠᠷᠤᠭ᠎ᠠ ᠡᠦ ᠶᠦᠨ ᠪᠣᠯᠤᠨ ᠱᠧᠨ ᠳ᠋ᠦᠩ ᠨᠡᠭᠦᠷᠡᠰᠦᠨ ᠤ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠸᠧᠶ ᠶᠦᠩ ᠱᠧᠩ ᠨᠡᠷ ᠰᠠᠭᠤᠳᠠᠯ ᠤᠨ ᠬᠤᠷᠠᠯ ᠬᠢᠪᠡ᠃
ab6faefd2984021ba89164b2be8a18f.jpg
      ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠨᠡᠭᠦᠷᠡᠰᠦᠨ ᠴᠢᠯᠠᠭᠤ ᠶᠢ ᠶᠡᠷᠦᠩᠬᠡᠶᠢᠯᠡᠨ ᠠᠰᠢᠭᠯᠠᠬᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠢ ᠰᠣᠯᠢᠯᠴᠠᠪᠠ᠃
abd4cd2bf3c453656c108263e9b9deb.jpg
      ᠡᠤ ᠶᠦᠨ᠂ ᠸᠧᠶ ᠶᠦᠩ ᠱᠧᠩ ᠨᠡᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠱᠧᠨ ᠳ᠋ᠦᠩ ᠨᠡᠭᠦᠷᠡᠰᠦᠨ ᠤ ᠪᠦᠯᠦᠭᠯᠡᠯ ᠤᠨ ᠡᠵᠡᠨ ᠬᠤᠷᠤᠭ᠎ᠠ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠡᠯ᠎ᠡ ᠬᠠᠮᠢᠶ᠎ᠠ ᠪᠦᠬᠦᠢ ᠪᠠᠯᠭᠠᠰᠤ ᠪᠣᠯᠤᠨ ᠰᠠᠯᠠᠭ᠎ᠠ ᠮᠥᠴᠢᠷ ᠤᠨ ᠬᠢᠨ ᠴᠠᠭ ᠲᠤᠬᠠᠢ ᠳᠤᠨᠢ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠤᠢᠢᠯᠠᠭᠠᠨ᠂ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ ᠬᠦᠷᠢᠶᠡᠨ ᠳᠤ ᠣᠷᠣᠰᠢᠵᠤ ᠪᠠᠶᠢᠭ᠎ᠠ ᠠᠰᠠᠭᠤᠳᠠᠯ ᠢ ᠲᠣᠭᠲᠠᠭᠰᠠᠨ ᠬᠤᠭᠤᠴᠠᠭᠠᠨ ᠳᠤ ᠵᠣᠬᠢᠴᠠᠭᠤᠯᠤᠨ ᠰᠢᠢᠳᠪᠦᠷᠢᠯᠡᠵᠦ᠂ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠴᠦ ᠥᠭᠬᠦ ᠬᠡᠷᠡᠭᠲᠡᠢ ᠬᠡᠪᠡ᠃ ᠱᠧᠨ ᠳ᠋ᠦᠩ ᠨᠡᠭᠦᠷᠡᠰᠦᠨ ᠤ ᠪᠦᠯᠦᠭᠯᠡᠯ ᠤᠨ ᠬᠢᠨ ᠰᠠᠭᠤᠭ᠎ᠠ ᠭᠠᠵᠠᠷ ᠤᠨ ᠲᠥᠪ ᠤᠨ ᠠᠵᠤ ᠠᠬᠤᠶᠢᠯᠠᠯ ᠤᠨ ᠵᠢᠱᠢᠶ᠎ᠡ ᠦᠵᠡᠭᠦᠯᠦᠨ ᠳᠠᠶᠢᠴᠢᠯᠠᠬᠤ  ᠦᠢᠯᠡᠳᠤᠯ ᠢᠶᠠᠨ ᠤᠯᠠᠮ ᠨᠢᠭᠡ ᠠᠯᠬᠤᠮ ᠪᠠᠳᠠᠷᠠᠭᠤᠯᠵᠤ᠂ ᠣᠷᠣᠨ ᠨᠤᠲᠤᠭ ᠤᠨ ᠠᠵᠤ ᠠᠬᠤᠶ ᠶᠢᠨ ᠨᠡᠮᠡᠭᠳᠡᠯ᠂ ᠬᠤᠶᠠᠳᠤᠭᠠᠷ ᠠᠵᠤ ᠦᠢᠯᠡᠰ ᠢᠶᠠᠷ ᠨᠢᠭᠡᠳᠦᠭᠡᠷ ᠠᠵᠤ ᠦᠢᠯᠡᠰ ᠢ  ᠲᠠᠶᠢᠴᠢᠯᠠᠬᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠬᠦ ᠵᠡᠷᠭᠡ ᠲᠠᠯ᠎ᠠ ᠪᠠᠷ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠶ ᠬᠦᠢᠴᠡᠳᠬᠡᠬᠦ ᠎ ᠶᠢ ᠬᠦᠰᠡᠵᠦ ᠪᠠᠶᠢᠨ᠎ᠠ᠃ ᠬᠤᠶᠢᠰᠢᠳᠠ ᠬᠤᠶᠠᠷ ᠲᠠᠯ᠎ᠠ ᠪᠠᠷ ᠢᠶᠠᠨ ᠤᠯᠤᠯᠴᠠᠭ᠎ᠠ ᠶᠢᠨ ᠲᠣᠭᠲᠠᠴᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠰᠣᠯᠢᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠨ᠂ ᠪᠣᠭᠤᠮᠢ ᠬᠢᠵᠠᠭᠠᠷᠯᠠᠯ ᠢ ᠡᠪᠳᠡᠬᠦ ᠶᠢ ᠬᠠᠮᠲᠤ ᠪᠠᠷ ᠰᠦᠪᠡᠭᠴᠢᠯᠡᠵᠦ᠂ ᠣᠷᠣᠨ ᠨᠤᠲᠤᠭ ᠠᠵᠤ ᠠᠬᠤᠶᠢᠯᠠᠯ ᠤᠨ ᠬᠠᠮᠲᠤ ᠪᠠᠷ ᠠᠰᠢᠭ ᠬᠦᠷᠳᠡᠬᠦ ᠬᠥᠭᠵᠢᠯᠲᠡ ᠶᠢᠨ ᠰᠠᠶᠢᠨ ᠰᠠᠶᠢᠬᠠᠨ ᠪᠠᠶᠢᠳᠠᠯ ᠢ ᠬᠠᠮᠲᠤ ᠪᠠᠷ ᠡᠭᠦᠳᠦᠶ᠎ᠡ ᠭᠡᠰᠡᠨ ᠪᠠᠶᠢᠨ᠎ᠠ᠃
f9be6eac991eea162d20bfe769167f7.jpg
      ᠸᠧᠶ ᠶᠦᠩ ᠱᠧᠩ ᠡᠵᠡᠨ ᠬᠤᠷᠤᠭ᠎ᠠ ᠬᠤᠰᠢᠭᠤᠨ ᠤ ᠣᠷᠳᠣ ᠬᠤᠭᠤᠴᠠᠭᠠᠨ ᠤ ᠲᠤᠷᠰᠢᠬᠢ ᠳᠡᠮᠵᠢᠯᠭᠡ ᠪᠠ ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠭᠤᠤᠯᠳᠠᠯᠭ᠎ᠠ ᠲᠠᠢ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠪᠠ ᠭᠤᠤᠯᠳᠠᠯᠭ᠎ᠠ ᠲᠠᠢ ᠠᠵᠢᠯ ᠤᠨ ᠠᠬᠢᠭᠤᠯᠤᠭᠰᠠᠨ ᠪᠠᠶᠢᠳᠠᠯ ᠢ ᠲᠠᠨᠢᠯᠴᠠᠭᠤᠯᠪᠠ᠃ ᠲᠡᠷᠡ᠂ ᠱᠧᠨ ᠳ᠋ᠦᠩ ᠨᠡᠭᠦᠷᠡᠰᠦᠨ ᠤ ᠪᠦᠯᠦᠭᠯᠡᠯ ᠤᠨ ᠬᠢᠨ ᠡᠵᠡᠨ ᠬᠤᠷᠤᠭ᠎ᠠ ᠬᠤᠰᠢᠭᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠲᠥᠪ ᠤᠨ ᠠᠵᠤ ᠠᠬᠤᠶᠢᠯᠠᠯ ᠤᠨ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠵᠦ᠂ ᠣᠷᠣᠨ ᠨᠤᠲᠤᠭ ᠠᠵᠤ ᠠᠬᠤᠶᠢᠯᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠡᠵᠡᠨ ᠬᠤᠷᠤᠭ᠎ᠠ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠦ ᠬᠡᠯᠡᠪᠡ᠃      ᠬᠤᠰᠢᠭᠤᠨ ᠤ ᠨᠠᠮ ᠤᠨ ᠬᠤᠷᠢᠶ᠎ᠡ᠂ ᠵᠠᠰᠠᠭ ᠤᠨ ᠣᠷᠳᠣᠨ ᠵᠢᠴᠢ ᠱᠧᠨ ᠳ᠋ᠦᠩ ᠨᠡᠭᠦᠷᠡᠰᠦᠨ ᠤ ᠪᠦᠯᠦᠭᠯᠡᠯ ᠤᠨ ᠬᠠᠮᠢᠶ᠎ᠠ ᠪᠥᠬᠦᠶ ᠤᠳᠤᠷᠢᠳᠤᠯᠭ᠎ᠠ᠂ ᠬᠤᠯᠪᠤᠬᠳᠠᠯ ᠪᠥᠬᠦᠶ ᠪᠠᠯᠭᠠᠰᠤ᠂ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃      
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ