ᠴᠢᠶᠣᠤ ᠰᠢᠶᠤᠤ ᠵᠢᠶᠦ᠋ᠨ ᠠᠶᠤᠯᠭᠦᠢ ᠦᠢᠯᠡᠳᠪᠦᠷᠢᠯᠡᠯ ᠣᠷᠴᠢᠨ ᠲᠣᠭᠤᠷᠢᠨ ᠤ ᠬᠠᠮᠠᠭᠠᠯᠠᠯᠲᠠ ᠵᠠᠬᠢᠳᠠᠯ  ᠰᠤᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠪᠠ ᠬᠦᠷᠢᠶᠡᠯᠡᠩ ᠲᠣᠭᠤᠷᠢᠭ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/12/9
    12 ᠳ᠋ᠤᠭᠠᠷ ᠰᠠᠷ᠎ᠠ ᠶᠢᠨ 7᠎ ᠠᠴᠠ 8᠎ ᠤ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠳᠠᠷᠤᠭ᠎ᠠ᠂ ᠤᠷᠳᠤᠰ ᠤᠨ ᠮᠧᠩ ᠰᠤ᠋ ᠠᠵᠤ ᠠᠬᠤᠶ ᠶᠢᠨ ᠨᠡᠭᠡᠭᠡᠯᠲᠡ ᠶᠢᠨ ᠤᠷᠤᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ᠂ ᠣᠷᠳᠣᠰ ᠤᠨ ᠠᠭᠠᠷ ᠤᠨ ᠭᠠᠷᠠᠮ ᠤᠨ ᠪᠠᠷᠠᠭᠠᠨ ᠤ ᠬᠦᠢᠯᠬᠡᠬᠡᠨ ᠤ ᠬᠦᠷᠢᠶᠡᠯᠡᠩ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠴᠢᠶᠣᠤ ᠰᠢᠶᠤᠤ ᠵᠢᠶᠦ᠋ᠨ ᠠᠶᠤᠯᠭᠦᠶ  ᠦᠢᠯᠡᠳᠪᠤᠷᠢᠯᠠᠯ᠂ ᠣᠷᠴᠢᠨ ᠲᠣᠭᠤᠷᠢᠨ ᠤ ᠬᠠᠮᠠᠭᠠᠯᠠᠯᠲᠠ᠂ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠪᠠ ᠬᠦᠷᠢᠶᠡᠯᠡᠩ ᠲᠣᠭᠤᠷᠢᠭ ᠤᠨ ᠲᠥᠷᠥᠯ  ᠵᠤᠶᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃
320db689e05f716b97119a972986ab7.jpg
     ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠪᠣᠯᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠳᠤ᠂ ᠴᠢᠶᠣᠤ ᠰᠢᠶᠤᠤ ᠵᠢᠶᠦ᠋ᠨ ᠲᠣᠪᠴᠢᠶᠠᠨ ᠤ ᠤᠳᠤᠷᠢᠳᠬᠤ ᠪᠠᠭ ᠲᠠᠢ ᠭᠦᠨᠵᠡᠭᠡᠶ ᠶᠠᠷᠢᠯᠴᠠᠨ ᠰᠠᠨᠠᠯ ᠢᠶᠠᠨ ᠰᠣᠯᠢᠯᠴᠠᠵᠤ᠂ ᠣᠳᠣᠬᠠᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠣᠶᠢᠯᠠᠭᠠᠵᠤ᠂ ᠠᠷᠭ᠎ᠠ ᠪᠣᠳᠣᠯᠭ᠎ᠠ ᠶᠢ ᠬᠠᠮᠲᠤ ᠪᠠᠷ ᠰᠤᠳᠤᠯᠤᠨ ᠰᠢᠢᠳᠪᠤᠷᠢᠯᠠᠪᠠ᠃ ᠲᠡᠷᠡ ᠬᠡᠯᠡᠭᠰᠡᠨ ᠨᠢ᠂ ᠵᠢᠯ ᠤᠨ ᠡᠴᠦᠰ ᠪᠤᠯᠤᠨ ᠵᠢᠯ ᠤᠨ ᠡᠬᠢᠨ ᠤ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠦ᠂ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠪᠣᠯᠤᠨ ᠡᠯ᠎ᠡ ᠲᠤᠰᠬᠠᠢ ᠵᠥᠪᠯᠡᠯ ᠡᠷᠬᠡᠪᠰᠢ ᠦᠨᠡᠨ ᠪᠣᠳᠠᠲᠠᠢ ᠠᠵᠢᠯᠯᠠᠵᠤ᠂ ᠡᠯ᠎ᠡ ᠠᠵᠢᠯ ᠲᠦᠷᠦᠯ᠂ ᠡᠯ᠎ᠡ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠲᠥᠯᠥᠪᠯᠡᠭᠡ ᠲᠣᠭᠲᠠᠭᠠᠵᠤ᠂ ᠺᠠᠳ᠋ᠷ ᠠᠴᠠ ᠬᠠᠷᠢᠭᠤᠴᠠᠯᠭ᠎ᠠ ᠶᠢ ᠪᠠᠶᠢᠴᠠᠭᠠᠬᠤ᠂ ᠲᠤᠰᠬᠠᠢ ᠮᠡᠷᠭᠡᠵᠢᠯᠲᠡᠨ ᠠᠴᠠ ᠬᠡᠮ ᠰᠣᠭᠤᠭ ᠢ ᠪᠠᠶᠢᠴᠠᠭᠠᠬᠤ᠂ ᠦᠢᠯᠡᠳᠪᠦᠷᠢᠯᠡᠯ ᠤᠨ ᠨᠢᠭᠡᠴᠢ ᠶᠢᠨ ᠱᠠᠳᠤ ᠱᠠᠳᠤ ᠪᠠᠷ ᠢᠯᠡᠴᠢᠯᠡᠨ ᠮᠡᠳᠡᠭᠦᠯᠬᠦ ᠲᠦᠷᠢᠮ ᠢ ᠪᠠᠶᠢᠭᠤᠯᠵᠤ᠂ ︽ᠦᠨᠳᠦᠰᠦᠨ ᠱᠠᠲᠤᠨ ᠤ ᠰᠠᠭᠤᠷᠢ ᠪᠦᠳᠦᠭᠡᠨ ᠪᠠᠶᠢᠭᠤᠯᠤᠯᠲᠠ ᠶᠢᠨ ᠣᠨ︾᠎ ᠤ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠯ᠎ᠡ ᠵᠦᠢᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠶᠡᠭᠡ ᠬᠦᠴᠦ ᠣᠷᠣᠭᠤᠯᠤᠨ ᠰᠠᠶᠢᠲᠤᠷ ᠠᠳᠬᠤᠵᠤ᠂ ᠢᠨᠵᠧᠨᠧᠷᠢᠩ ᠤᠨ ᠠᠷᠭ᠎ᠠ ᠪᠠᠷᠢᠯ ᠪᠣᠯᠤᠨ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠵᠤ᠂ ᠳᠣᠲᠣᠷ᠎ᠠ ᠪᠠᠨ ᠲᠤᠭ᠎ᠠ ᠲᠠᠢ᠂ ᠭᠠᠷ ᠲᠠᠭᠠᠨ ᠠᠷᠭ᠎ᠠ ᠤᠬᠠᠭᠠᠨ ᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠪᠠᠷ ᠵᠢᠯᠣᠭᠤᠳᠤᠮᠵᠢ ᠪᠣᠯᠭᠠᠵᠤ᠂ ᠬᠤᠯᠪᠣᠭᠳᠠᠯ ᠪᠥᠬᠦᠶ ᠠᠵᠢᠯ ᠢ ᠤᠷᠢᠳᠴᠢᠯᠠᠨ ᠲᠥᠯᠥᠪᠵᠢᠭᠦᠯᠵᠦ ᠰᠠᠶᠢᠲᠤᠷ ᠬᠢᠬᠦ ᠬᠡᠷᠡᠭᠲᠡᠶ᠃ ︽ᠤᠴᠢᠷ ᠶᠠᠪᠤᠳᠠᠯ ᠢ ᠰᠢᠢᠳᠪᠦᠷᠢᠯᠡᠬᠦ︾ ᠎ ᠶᠢᠨ ᠲᠣᠭᠤᠷᠢᠨ ᠳᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠠᠶᠢᠲᠤᠷ ᠬᠢᠵᠦ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠦᠬᠦ ᠶᠠᠪᠤᠴᠠ ᠶᠢᠨ ᠤᠷᠤᠯᠠᠨ ᠬᠦᠢᠴᠡᠳᠬᠡᠬᠦ᠂ ᠪᠦᠬᠦ ᠭᠡᠰᠢᠭᠦᠳ ᠣᠷᠣᠯᠠᠨ ᠬᠦᠢᠴᠡᠳᠬᠡᠬᠦ ᠶᠢ ᠰᠠᠶᠢᠲᠤᠷ ᠬᠢᠵᠦ᠂ ᠠᠷᠠᠳ ᠤᠨ ᠡᠶᠡᠳᠡᠭᠦᠯᠬᠦ ᠦᠢᠯᠡᠳᠦᠯ ᠢ ᠰᠠᠶᠢᠲᠤᠷ ᠪᠠᠳᠠᠷᠠᠭᠤᠯᠵᠤ᠂ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ ᠰᠢᠢᠳᠪᠦᠷᠢᠯᠡᠵᠦ᠂ ᠴᠤᠬᠤᠶᠢᠬᠤ ᠦᠶ᠎ᠡ ᠳᠤᠨᠢ ᠰᠢᠢᠳᠪᠦᠷᠢᠯᠡᠬᠦ ᠬᠡᠷᠡᠭᠲᠡᠢ ᠬᠡᠪᠡ᠃ 
678a9daea00d7de3424e4b5b965df46.jpg
      ᠣᠷᠳᠣᠰ ᠤᠨ ᠮᠧᠩ ᠰᠤ᠋ ᠠᠵᠤ ᠠᠬᠤᠶ ᠶᠢᠨ ᠨᠡᠭᠡᠭᠡᠯᠲᠡ ᠶᠢᠨ ᠤᠷᠤᠨ ᠪᠠ ᠠᠭᠠᠷ ᠤᠨ ᠭᠠᠷᠠᠮ ᠤᠨ ᠪᠠᠷᠠᠭᠠᠨ ᠤ  ᠬᠦᠢᠯᠬᠡᠬᠡᠨ ᠤ ᠬᠦᠷᠢᠶᠡᠯᠡᠩ ᠲᠣᠭᠤᠷᠢᠭ ᠲᠤ ᠂ ᠴᠢᠶᠣᠤ ᠰᠢᠶᠤᠤ ᠵᠢᠶᠦ᠋ᠨ ᠬᠦᠷᠢᠶᠡᠯᠡᠩ ᠲᠣᠭᠤᠷᠢᠭ ᠤᠨ ᠶᠡᠷᠦᠩᠬᠡᠶ ᠪᠠᠶᠢᠳᠠᠯ ᠪᠠ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠬᠦᠷᠢᠶᠡᠯᠡᠩ ᠲᠣᠭᠤᠷᠢᠭ ᠲᠤ ᠤᠷᠤᠭᠰᠠᠨ ᠬᠡᠰᠡᠭ ᠠᠵᠤ ᠠᠬᠤᠶᠢᠯᠠᠯ ᠪᠠ ᠪᠥᠲᠥᠭᠡᠨ ᠪᠠᠶᠢᠭᠤᠯᠵᠤ ᠪᠠᠶᠢᠭ᠎ᠠ ᠲᠥᠷᠥᠯ  ᠵᠤᠶᠢᠯ ᠳᠤ ᠭᠦᠨᠵᠡᠭᠡᠶᠢᠷᠡᠵᠦ᠂ ᠠᠵᠤ ᠠᠬᠤᠶᠢᠯᠠᠯ ᠤᠨ ᠡᠵᠡᠩᠨᠡᠯᠲᠡ᠂ ᠲᠥᠷᠥᠯ  ᠵᠤᠶᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ ᠬᠡᠯᠡᠭᠰᠡᠨ ᠨᠢ᠂ ᠣᠲᠣ ᠪᠠᠶᠢᠭ᠎ᠠ ᠠᠵᠤ ᠦᠢᠯᠡᠰ ᠤᠨ ᠰᠠᠭᠤᠷᠢ ᠳᠠᠭᠠᠨ ᠰᠠᠭᠤᠷᠢᠯᠠᠨ᠂ ᠥᠨᠳᠥᠷ ᠭᠠᠷᠤᠭ᠎ᠠ ᠠᠴᠠ ᠲᠥᠯᠥᠪᠵᠢᠭᠦᠯᠵᠦ᠂ ᠥᠨᠳᠥᠷ ᠲᠦᠪᠰᠢᠨ ᠢᠶᠠᠷ ᠲᠦᠰᠦᠪᠯᠡᠨ᠂ ᠥᠨᠳᠥᠷ ᠪᠠᠷᠢᠮᠵᠢᠶ᠎ᠠ ᠪᠠᠷ ᠪᠥᠲᠥᠭᠡᠨ ᠪᠠᠶᠢᠭᠤᠯᠵᠤ᠂ ᠠᠵᠤ  ᠦᠢᠯᠡᠰ ᠢ ᠪᠤᠶᠢᠵᠢᠭᠤᠯᠬᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠬᠦᠴᠦᠷᠬᠡᠭᠵᠢᠭᠦᠯᠬᠦ ᠶᠢ ᠴᠢᠩᠭᠠᠳᠬᠠᠨ᠂ ᠤᠨᠴᠠᠯᠢᠬᠳᠤ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠠᠶᠢᠭᠤᠯᠬᠤ ᠬᠡᠷᠡᠭᠲᠡᠶ᠃ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠦᠢᠯᠡᠴᠢᠯᠡᠬᠡᠨ ᠤ ᠤᠬᠠᠮᠰᠠᠷ ᠢᠶᠠᠨ ᠴᠢᠩᠭᠠᠳᠬᠠᠨ᠂ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠢᠳᠪᠤᠷᠢᠯᠠᠵᠤ᠂ ᠲᠥᠷᠥᠯ  ᠵᠤᠶᠢᠯ ᠢ ᠡᠷᠲᠡᠬᠡᠨ ᠪᠥᠲᠥᠭᠡᠨ ᠪᠠᠶᠢᠭᠤᠯᠬᠤ᠂ ᠡᠷᠲᠡᠬᠡᠨ ᠠᠰᠢᠭᠯᠠᠯᠲᠠ ᠳᠤ ᠣᠷᠣᠭᠤᠯᠬᠤ᠂ ᠡᠷᠲᠡᠬᠡᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ ᠬᠡᠰᠡᠨ ᠪᠠᠶᠢᠨ᠎ᠠ᠃     ᠣᠷᠳᠣᠰ ᠤᠨ ᠮᠧᠩ ᠰᠤ᠋ ᠠᠵᠤ ᠠᠬᠤᠶ ᠶᠢᠨ ᠨᠡᠭᠡᠭᠡᠯᠲᠡ ᠶᠢᠨ ᠤᠷᠤᠨ ᠤ ᠨᠠᠮ ᠤᠨ ᠠᠵᠢᠯᠯᠠᠬᠤ  ᠬᠤᠷᠢᠶᠠᠨ ᠤ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠪᠠᠶ ᠵᠢᠶᠠᠨ ᠭᠠᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠳᠡᠳ᠋ ᠳᠠᠷᠤᠭ᠎ᠠ ᠮᠡᠨᠳᠦᠪᠠᠶᠠᠷ᠂ ᠣᠷᠳᠣᠰ ᠤᠨ ᠠᠭᠠᠷ ᠤᠨ ᠭᠠᠷᠠᠮ ᠤᠨ ᠪᠠᠷᠠᠭᠠᠨ ᠤ ᠬᠦᠢᠯᠬᠡᠬᠡᠨ ᠤ ᠬᠦᠷᠢᠶᠡᠯᠡᠩ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠭᠦᠸᠧ ᠵᠢᠶᠦ᠋ᠨ ᠵᠢᠴᠢ ᠬᠤᠰᠢᠭᠤᠨ ᠤ ᠰᠢᠭᠤᠳ ᠬᠠᠷᠢᠶ᠎ᠠ ᠬᠤᠯᠪᠤᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃     
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ