ᠡᠵᠡᠨ ᠬᠤᠷᠤᠭ᠎ᠠ ᠬᠤᠰᠢᠭᠤ ᠱᠠᠨᠳᠦ᠋ᠩ ᠤᠨ ᠭᠦᠸᠧ ᠢᠦᠶ ᠪᠠᠷᠠᠭᠠᠨ ᠤ ᠭᠦᠢᠯᠭᠡᠭᠡᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠠᠢ  ᠰᠠᠭᠤᠳᠠᠯ ᠤᠨ ᠬᠤᠷᠠᠯ ᠬᠢᠪᠠ
ᠨᠡᠶᠢᠲᠡᠯᠡᠭᠰᠡᠨ ᠴᠠᠭ᠄
2023/12/9
      12 ᠳ᠋ᠤᠭᠠᠷ ᠰᠠᠷ᠎ᠠ ᠶᠢᠨ 8᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠡᠤ ᠶᠦᠨ ᠱᠠᠨᠳᠦ᠋ᠩ ᠤᠨ ᠭᠦᠸᠧ ᠢᠦᠶ ᠪᠠᠷᠠᠭᠠᠨ ᠤ ᠭᠦᠢᠯᠭᠡᠭᠡᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠢᠦᠶ ᠵᠧᠩ ᠨᠠᠨ ᠨᠠᠷ ᠲᠠᠢ ᠰᠠᠭᠤᠳᠠᠯ ᠤᠨ ᠬᠤᠷᠠᠯ ᠬᠢᠵᠦ᠂ ᠬᠤᠶᠠᠷ ᠲᠠᠯ᠎ᠠ ᠪᠠᠷ ᠢᠶᠠᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠥᠭᠵᠢᠯᠲᠡ ᠶᠢᠨ ᠬᠠᠮᠲᠤᠷᠠᠯᠴᠠᠭᠠᠨ ᠤ ᠶᠠᠪᠤᠳᠠᠯ ᠤᠨ ᠲᠣᠭᠤᠷᠢᠨ ᠳᠤ ᠰᠠᠨᠠᠯ ᠢᠶᠠᠨ ᠭᠦᠨᠵᠡᠭᠡᠶ ᠰᠣᠯᠢᠯᠴᠠᠪᠠ᠃
f4b577bdb806ef90da36af38ff48083.jpg
      ᠢᠦᠶ ᠵᠧᠩ ᠨᠠᠨ ᠺᠣᠮᠫᠠᠨᠢ ᠶᠢᠨ ᠦᠨᠳᠦᠰᠦᠨ ᠪᠠᠶᠢᠳᠠᠯ ᠪᠠ ᠭᠤᠤᠯ ᠡᠵᠡᠩᠨᠡᠯᠲᠡ ᠶᠢᠨ ᠠᠵᠢᠯ ᠢ ᠨᠠᠷᠢᠨ ᠲᠠᠨᠢᠯᠴᠠᠭᠤᠯᠪᠠ᠃ ᠲᠡᠷᠡ᠂ ᠡᠵᠡᠨ ᠬᠤᠷᠤᠭ᠎ᠠ ᠬᠤᠰᠢᠭᠤᠨ ᠤ ᠣᠷᠣᠨ ᠪᠠᠶᠢᠷᠢ ᠳᠠᠪᠠᠭᠤᠯᠢᠭ᠂ ᠵᠠᠮ ᠬᠠᠷᠢᠯᠴᠠᠭ᠎ᠠ ᠳᠥᠭᠦᠮ ᠳᠥᠲᠡ᠂ ᠪᠠᠷᠠᠭᠠᠨ ᠤ  ᠬᠦᠢᠯᠭᠡᠭᠡ ᠶᠢᠨ ᠬᠡᠷᠡᠭᠯᠡᠭᠡᠨ ᠤ ᠪᠠᠶᠢᠳᠠᠯ ᠰᠠᠶᠢᠨ᠂ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠦᠷᠨᠢᠩᠬᠦᠢ ᠪᠠᠶᠢᠵᠤ᠂ ᠲᠠᠷᠠᠭᠠᠴᠢ ᠶᠢᠨ ᠠᠯᠬᠤᠮ ᠳᠤ ᠨᠡᠪᠲᠡᠷᠡᠯᠴᠡᠭᠡ ᠵᠣᠯᠭᠠᠯᠴᠠᠭ᠎ᠠ ᠪᠠᠨ ᠴᠢᠩᠭᠠᠳᠬᠠᠵᠤ᠂ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭᠠᠨ ᠤ ᠦᠷ᠎ᠡ ᠪᠦᠲᠦᠭᠡᠯ ᠢ ᠪᠦᠷᠢᠯᠳᠦᠭᠦᠯᠵᠦ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ ᠬᠥᠭᠵᠢᠯᠲᠡ ᠶᠢ ᠪᠡᠶᠡᠯᠡᠭᠦᠯᠦᠨ᠎ᠡ ᠭᠡᠪᠡ᠃
7e9e3373525ff0b21b95a59c9fe11b9.jpg
      ᠡᠤ ᠶᠦᠨ ᠢᠦᠶ ᠵᠧᠩ ᠨᠠᠨ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠭᠰᠡᠨ ᠪᠥᠭᠡᠳ ᠡᠵᠡᠨ ᠬᠤᠷᠤᠭ᠎ᠠ ᠬᠤᠰᠢᠭᠤᠨ ᠤ ᠬᠤᠯᠪᠣᠭᠳᠠᠯ ᠪᠥᠬᠦᠶ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠪᠠ᠃ ᠲᠡᠷᠡ᠂ ᠣᠳᠣᠬᠠᠨ ᠳᠤ᠂ ᠡᠵᠡᠨ ᠬᠤᠷᠤᠭ᠎ᠠ ᠬᠤᠰᠢᠭᠤ ᠶᠠᠭ ᠦᠢᠯᠡᠳᠪᠦᠷᠢᠯᠡᠯ ᠳᠤ ᠦᠢᠯᠡᠴᠢᠯᠡᠬᠦ ᠬᠡᠯᠪᠡᠷᠢ ᠶᠢᠨ ᠤᠯᠤᠰ ᠤᠨ ᠪᠠᠷᠠᠭᠠᠨ ᠤ ᠬᠦᠢᠯᠭᠡᠭᠡᠨ ᠤ ᠬᠦᠢᠰᠤ ᠶᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠵᠤ᠂ ᠰᠢᠨ᠎ᠡ ᠬᠡᠯᠪᠡᠷᠢ ᠶᠢᠨ ᠣᠶᠤᠨᠴᠢ ᠪᠠᠷᠠᠭᠠᠨ ᠤ ᠬᠦᠢᠯᠭᠡᠭᠡᠨ ᠤ ᠬᠠᠭᠤᠷᠠᠶ ᠭᠠᠷᠠᠮ᠂ ᠰᠢᠨ᠎ᠡ ᠡᠨᠧᠷᠭᠢ ᠶᠢᠨ ᠪᠦᠲᠦᠭᠡᠭᠳᠡᠬᠦᠨ ᠵᠡᠷᠭᠡ ᠪᠠᠷᠠᠭᠠᠨ ᠤ ᠬᠦᠢᠯᠭᠡᠭᠡᠨ ᠤ ᠬᠡᠷᠡᠭᠯᠡᠭᠡᠨ ᠤ ᠠᠬᠤᠶ ᠪᠠᠶᠢᠳᠠᠯ ᠡᠯᠪᠡᠭ ᠪᠠᠶᠠᠯᠢᠭ᠂ ᠲᠡᠭᠡᠭᠡᠪᠦᠷᠢ ᠶᠢᠨ ᠲᠤᠤᠷ ᠰᠦᠯᠵᠢᠶ᠎ᠡ ᠪᠦᠷᠢᠨ ᠲᠡᠭᠦᠯᠳᠡᠷ ᠪᠠᠶᠢᠬᠤ ᠶᠢ ᠲᠦᠷᠭᠡᠳᠬᠡᠨ ᠴᠣᠭᠴᠠᠯᠠᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠪᠠᠷᠠᠭᠠᠨ ᠤ ᠭᠦᠢᠯᠭᠡᠭᠡᠨ ᠤ ᠬᠠᠮᠢᠶᠠᠷᠤᠯᠲᠠ ᠶᠢᠨ ᠲᠠᠪᠴᠠᠩ᠂ ᠲᠡᠭᠡᠭᠡᠪᠦᠷᠢ ᠶᠢᠨ ᠮᠠᠰᠢᠨ ᠲᠡᠷᠭᠡᠨ ᠤ ᠦᠢᠯᠡᠳᠪᠦᠷᠢᠯᠡᠯ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠥᠷᠥᠯ ᠵᠣᠶᠢᠯ ᠢ ᠨᠠᠶᠢᠳᠠᠪᠤᠷᠢᠵᠢᠭᠤᠯᠬᠤ ᠪᠠᠷ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠥᠭᠵᠢᠯᠲᠡ ᠪᠠ ᠡᠵᠡᠩᠨᠡᠯᠲᠡ ᠶᠢᠨ ᠵᠠᠭᠪᠤᠷ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠴᠡᠭ ᠢᠶᠠᠷ ᠨᠡᠶᠢᠳᠡᠮ ᠢ ᠳᠠᠶᠢᠴᠢᠯᠠᠨ ᠠᠯᠬᠤᠮ ᠠᠯᠬᠤᠮ ᠢᠶᠠᠷ ᠳᠡᠯᠭᠡᠷᠡᠭᠦᠯᠵᠦ᠂ ᠡᠵᠡᠨ ᠬᠤᠷᠤᠭ᠎ᠠ ᠬᠤᠰᠢᠭᠤᠨ ᠤ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠬᠠᠮᠲᠤ ᠪᠠᠷ ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃
921a5c5389181b95b2da59dff267b8c.jpg
      ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠵᠣᠣ ᠸᠧᠶ᠂ ᠮᠸᠡᠭ ᠰᠤ᠋ ᠠᠵᠤ ᠠᠬᠤᠶ ᠶᠢᠨ ᠨᠡᠭᠡᠭᠡᠯᠲᠡ ᠶᠢᠨ ᠤᠷᠣᠨ ᠤ ᠬᠠᠮᠢᠶ᠎ᠠ ᠪᠥᠬᠦᠶ ᠤᠳᠤᠷᠢᠳᠤᠯᠭ᠎ᠠ ᠵᠢᠴᠢ ᠬᠤᠯᠪᠤᠬᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠣᠷᠣᠯᠴᠠᠵᠠᠶ᠃       
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ