2023 ᠣᠨ ᠤ ᠪᠥᠬᠦ ᠬᠤᠰᠢᠭᠤᠨ ᠤ ᠬᠤᠲᠠ ᠶᠢᠨ ᠲᠡᠰ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠭᠠᠷ ᠬᠦᠢᠴᠡᠳᠬᠡᠯ ᠢ ᠬᠦᠢᠴᠡᠳᠬᠡᠭᠰᠡᠨ ᠪᠠᠶᠢᠳᠠᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/2/10
      2 ᠳ᠋ᠤᠭᠠᠷ ᠰᠠᠷ᠎ᠠ ᠶᠢᠨ 7᠎ ᠤ ᠡᠳᠦᠷ᠂ 2023 ᠣᠨ ᠤ ᠪᠥᠬᠦ ᠬᠤᠰᠢᠭᠤᠨ ᠤ ᠬᠤᠲᠠ ᠶᠢᠨ ᠲᠠᠰ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠭᠠᠷ ᠬᠦᠢᠴᠡᠳᠬᠡᠯ ᠢ ᠬᠦᠢᠴᠡᠳᠬᠡᠭᠰᠡᠨ ᠪᠠᠶᠢᠳᠠᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠡᠨᠳᠦᠪᠠᠶᠠᠷ ᠬᠤᠷᠠᠯ ᠡᠷᠭᠢᠯᠡᠵᠦ ᠶᠠᠷᠢᠶ᠎ᠠ ᠲᠠᠯᠪᠢᠪᠠ᠃      ᠬᠤᠷᠠᠯ ᠠᠴᠠ 2023 ᠣᠨ ᠤ ᠪᠥᠬᠦ ᠬᠤᠰᠢᠭᠤᠨ ᠤ ᠬᠤᠲᠠ ᠶᠢᠨ ᠲᠠᠰ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠭᠠᠷ ᠬᠦᠢᠴᠡᠳᠬᠡᠯ ᠢ ᠬᠦᠢᠴᠡᠳᠬᠡᠭᠰᠡᠨ ᠪᠠᠶᠢᠳᠠᠯ ᠢ ᠵᠠᠷᠯᠠᠨ ᠮᠡᠳᠡᠭᠳᠡᠵᠦ᠂ ᠡᠯ᠎ᠡ ᠣᠷᠣᠯᠠᠨ ᠭᠦᠢᠴᠡᠳᠭᠡᠭᠴᠢ ᠠᠴᠠ ᠲᠥᠷᠥᠯ ᠵᠦᠢᠯ ᠤᠨ ᠭᠠᠷ ᠬᠦᠢᠴᠡᠳᠬᠡᠯ ᠢ ᠭᠦᠢᠴᠡᠳᠬᠡᠭᠰᠡᠨ ᠪᠠᠶᠢᠳᠠᠯ ᠢ ᠬᠠᠷᠢᠭᠤ ᠮᠡᠳᠡᠭᠦᠯᠪᠡ᠃      ᠬᠤᠷᠠᠯ ᠠᠴᠠ ᠵᠢᠭᠠᠬᠤ ᠳᠠᠭᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢᠳᠡᠪᠬᠢᠲᠡᠢ ᠪᠠᠷ ᠰᠠᠨᠠᠭᠠᠴᠢᠯᠠᠭ᠎ᠠ ᠠᠴᠠ ᠪᠠᠨ ᠵᠢᠯᠣᠭᠤᠳᠤᠨ ᠦᠢᠯᠡᠴᠢᠯᠡᠵᠦ ᠂ ᠬᠠᠪᠰᠤᠷᠤᠨ ᠰᠢᠢᠳᠪᠦᠷᠢᠯᠡᠵᠦ ᠱᠠᠯᠠᠪᠳᠠᠭᠤᠯᠤᠨ ᠭᠦᠢᠴᠡᠳᠬᠡᠵᠦ᠂ ᠡᠯ᠎ᠡ ᠲᠦᠷᠦᠯ ᠵᠦᠢᠯ ᠤᠨ ᠨᠢᠬᠡᠴᠢ 2023 ᠣᠨ ᠤ ᠭᠤᠣᠯᠳᠠᠯᠭ᠎ᠠ ᠲᠠᠢ ᠲᠦᠷᠦᠯ ᠵᠦᠢᠯ ᠤᠨ ᠭᠤᠭᠴᠤᠭ᠎ᠠ ᠪᠦᠷᠢ ᠶᠢᠨ ᠬᠢᠨᠠᠨ ᠵᠥᠪᠰᠢᠶᠡᠷᠡᠬᠦ ᠭᠠᠷ ᠬᠦᠢᠴᠡᠳᠬᠡᠯ ᠤᠨ ᠨᠠᠶᠢᠳᠠᠪᠤᠷᠢᠵᠢᠭᠤᠯᠤᠯᠲᠠ ᠶᠢ ᠲᠤᠰᠬᠠᠢ ᠬᠥᠮᠥᠨ ᠢᠶᠠᠷ ᠭᠦᠢᠴᠡᠳᠬᠡᠵᠦ᠂ ᠲᠤᠰᠬᠠᠢ ᠠᠩᠭᠢ ᠪᠠᠷ ᠱᠠᠯᠠᠪᠳᠠᠭᠤᠯᠤᠨ ᠭᠦᠢᠴᠡᠳᠬᠡᠵᠦ᠂ ᠡᠮᠦᠨᠡᠬᠢ ᠬᠤᠭᠤᠴᠠᠭᠠᠨ ᠤ ᠭᠠᠷ ᠬᠦᠢᠴᠡᠳᠬᠡᠯ ᠤᠨ ᠲᠥᠯᠥᠪᠯᠡᠭᠡ ᠶᠢᠨ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠵᠢᠷᠤᠮᠯᠠᠨ ᠭᠦᠢᠴᠡᠳᠬᠡᠬᠦ ᠶᠢ ᠠᠬᠢᠭᠤᠯᠬᠤ ᠬᠡᠷᠡᠭᠲᠡᠢ ᠭᠡᠪᠠ᠃      ᠬᠤᠷᠠᠯ ᠠᠴᠠ ᠱᠠᠭᠠᠷᠳᠠᠬᠤ ᠳᠠᠭᠠᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠰᠤᠳᠤᠯᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠡᠯ᠎ᠡ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠤᠨ ᠬᠢᠨᠠᠨ ᠵᠥᠪᠰᠢᠶᠡᠷᠡᠯ ᠤᠨ ᠶᠠᠰᠤ ᠴᠢᠨᠠᠷ ᠢ ᠳᠡᠭᠡᠭᠰᠢᠯᠡᠭᠦᠯᠦᠨ ᠬᠤᠷᠳᠤᠴᠠ ᠶᠢ ᠲᠦᠷᠭᠡᠳᠬᠡᠵᠦ᠂ 2023 ᠣᠨ ᠤ ᠬᠤᠲᠠ ᠶᠢᠨ ᠲᠠᠰ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠥᠳᠡᠯᠭᠡᠭᠦ ᠬᠦᠴᠦᠨ ᠬᠠᠩᠭᠠᠬᠤ ᠬᠡᠷᠡᠭᠲᠡᠢ ᠬᠡᠪᠡ᠃ 
ᠢᠷᠡᠯᠲᠡ᠄ ᠲᠤᠰ ᠰᠦᠯᠵᠢᠶ᠎ᠡ