ᠦ᠋ ᠶᠦᠨ᠄ ︽ᠠᠮᠤᠷ ᠲᠦᠪᠰᠢᠨ ᠪᠤᠰᠤ ᠪᠣᠯ ᠦᠢᠯᠡᠳᠪᠦᠷᠢᠯᠡᠬᠦ ᠦᠭᠡᠢ︾ ᠪᠠᠶᠢᠬᠤ ᠶᠢ ᠡᠷᠡᠰ ᠪᠡᠶᠡᠯᠡᠭᠦᠯᠦᠨ᠎ᠡ
ᠨᠡᠶᠢᠲᠡᠯᠡᠭᠰᠡᠨ ᠴᠠᠭ᠄
2023/2/23
      2 ᠳ᠋ᠤᠭᠠᠷ ᠰᠠᠷ᠎ᠠ ᠶᠢᠨ 22᠎ ᠤᠨ ᠣᠷᠣᠢ᠂ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠦ᠋ ᠶᠦᠨ ᠪᠦᠭᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ᠂ ᠶᠡᠷᠦᠩᠬᠡᠢ ᠰᠠᠶᠢᠳ ᠯᠢ ᠺᠧ ᠴᠢᠶᠠᠩ ᠤᠨ ᠴᠢᠬᠤᠯᠠ ᠴᠣᠬᠤᠯᠠᠪᠤᠷᠢ ᠎ ᠶᠢᠨ ᠵᠣᠷᠢᠭ ᠰᠠᠨᠠᠭ᠎ᠠ ᠪᠣᠯᠣᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠤᠯᠠᠮᠵᠢᠯᠠᠵᠤ᠂ ᠠᠯᠠᠱᠠ ᠵᠡᠭᠦᠨ ᠬᠤᠰᠢᠭᠤᠨ ᠤ ᠨᠢᠭᠡᠨ ᠨᠡᠭᠦᠷᠡᠰᠦᠨ ᠠᠭᠤᠷᠬᠠᠢ ᠶᠢᠨ ᠨᠤᠷᠠᠭᠰᠠᠨ ᠠᠳᠡᠯ ᠢ ᠮᠡᠳᠡᠭᠳᠡᠵᠦ᠂ ᠡᠯ᠎ᠡ ᠠᠵᠢᠯ ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠣᠶᠢᠷ᠎ᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠥᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠳᠠᠬᠢᠨ ᠲᠣᠬᠢᠷᠠᠭᠤᠯᠵᠤ ᠳᠠᠬᠢᠨ ᠪᠠᠶᠢᠷᠢᠯᠠᠭᠤᠯᠵᠤ ᠳᠠᠬᠢᠨ ᠨᠠᠶᠢᠳᠠᠪᠤᠷᠢᠵᠢᠭᠤᠯᠪᠠ᠃      ᠦ᠋ ᠶᠦᠨ ᠶᠠᠷᠢᠬᠤ ᠳᠠᠭᠠᠨ᠂ ᠡᠯ᠎ᠡ ᠪᠠᠯᠭᠠᠰᠤ᠂ ᠡᠯ᠎ᠡ ᠠᠵᠢᠯ ᠲᠦᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠡᠷᠬᠡᠪᠰᠢ ᠭᠦᠢᠴᠡᠳ ᠰᠡᠷᠡᠮᠵᠢ ᠠᠪᠴᠤ ᠂ ᠮᠢᠨᠴᠦᠭᠦᠷᠡᠬᠦ ᠦᠵᠡᠯ ᠰᠠᠨᠠᠭ᠎ᠠ᠂ ᠭᠤᠷᠢᠳᠠᠬᠤ ᠪᠤᠳᠤᠯ ᠢ ᠡᠷᠡᠰ ᠲᠡᠪᠴᠢᠵᠦ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠬᠠᠷᠢᠭᠤᠴᠠᠯᠭ᠎ᠠ ᠪᠠᠨ ᠴᠢᠩᠭᠠᠳᠬᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠦᠨᠡᠨᠬᠦ ᠪᠠᠲᠤ ᠰᠠᠬᠢᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠦᠳᠲᠡᠷ ᠲᠦᠷᠭᠡᠨ ᠥᠷᠨᠢᠭᠦᠯᠵᠦ᠂ ᠨᠢᠭᠡᠳᠦᠬᠡᠷ ᠬᠠᠷᠢᠭᠤᠴᠠᠯᠭᠠᠳᠠᠨ ᠪᠡᠶ᠎ᠡ ᠪᠠᠷ ᠢᠶᠠᠨ ᠳᠠᠭᠠᠭᠤᠯᠵᠤ᠂ ᠰᠢᠯᠢᠳᠡᠭ ᠬᠦᠴᠦᠨ ᠢ ᠲᠠᠲᠠᠵᠤ᠂ ᠲᠤᠰᠬᠠᠢ ᠮᠡᠷᠭᠡᠵᠢᠯᠲᠡᠨ ᠤ ᠪᠦᠯᠬᠦᠮ ᠢ ᠤᠷᠢᠵᠤ᠂ ᠨᠡᠭᠦᠷᠡᠰᠦᠨ ᠠᠭᠤᠷᠬᠠᠢ᠂ ᠠᠶᠤᠯᠲᠠᠢ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ ᠭᠠᠵᠠᠷ ᠵᠡᠷᠭᠡ ᠭᠤᠣᠯᠳᠠᠯᠭ᠎ᠠ ᠲᠠᠢ ᠬᠦᠷᠢᠶ᠎ᠡ ᠪᠣᠯᠣᠨ ᠬᠥᠮᠥᠨ ᠴᠤᠭᠯᠠᠷᠠᠭᠰᠠᠨ ᠲᠠᠯᠠᠪᠤᠷ ᠲᠤ ᠠᠩᠬᠠᠷᠤᠯ ᠢᠶᠠᠨ ᠲᠥᠪᠯᠡᠷᠡᠭᠦᠯᠵᠦ᠂ ᠬᠠᠮᠤᠭ ᠤᠨ ᠲᠦᠷᠦᠭᠦᠨ ᠳᠤ ᠤᠯᠠᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠬᠠᠮᠲᠤᠷᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠭᠡᠨᠡᠳᠲᠡ ᠶᠢᠨ ᠪᠠᠶᠢᠴᠠᠭᠠᠯᠲᠠ ᠶᠢ ᠥᠷᠨᠢᠭᠦᠯᠬᠦ ᠬᠡᠷᠡᠭᠲᠡᠢ᠃ ᠨᠢᠭᠡ ᠠᠴᠠ ᠨᠦᠬᠦᠭᠡ ᠶᠢ ᠵᠦᠢᠴᠢᠯᠡᠨ ᠲᠠᠯᠳᠠ ᠭᠡᠮ ᠤᠨ ᠠᠰᠠᠭᠤᠳᠠᠯ ᠢ ᠴᠡᠭᠴᠡᠯᠡᠨ ᠦᠬᠡᠷᠡᠴᠢᠯᠡᠬᠦ ᠠᠵᠢᠯ ᠢ ᠰᠠᠶᠢᠲᠤᠷ ᠠᠳᠬᠤᠵᠤ᠂ ︽ᠠᠮᠤᠷ ᠲᠦᠪᠰᠢᠨ ᠪᠤᠰᠤ ᠪᠤᠯ ᠦᠢᠯᠡᠳᠪᠦᠷᠢᠯᠡᠬᠦ ᠦᠬᠡᠢ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠴᠡᠭᠴᠡᠯᠡᠨ ᠦᠬᠡᠷᠡᠴᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠦᠭᠡᠢ᠂ ᠴᠡᠭᠴᠡᠯᠡᠨ ᠦᠬᠡᠷᠡᠴᠢᠯᠡᠬᠦ ᠨᠢ ᠪᠠᠷᠢᠮᠵᠢᠶ᠎ᠠ ᠳᠤ ᠬᠦᠷᠦᠭᠰᠡᠨ ᠦᠭᠡᠢ ᠪᠤᠯ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠳᠭᠡᠵᠦ᠂ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠢ᠃ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ᠂ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠣᠨ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠲᠤᠰ ᠲᠤᠰ ᠤᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠡᠮᠬᠢᠯᠡᠵᠦ᠂ 24 ᠴᠠᠭ ᠤᠨ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠮᠡᠳᠡᠭᠡ ᠵᠠᠩᠭᠢ ᠶᠢᠨ ︽ᠡᠳᠦᠷ ᠤᠨ ᠮᠡᠳᠡᠭᠦᠯᠦᠯᠲᠡ︾᠂ ︽ᠲᠡᠭ ᠮᠡᠳᠡᠬᠦᠯᠦᠯᠳᠡ︾᠎ ᠶᠢᠨ ᠳᠦᠷᠢᠮ ᠢ ᠬᠡᠷᠡᠭᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠪᠣᠯᠣᠨ ᠴᠡᠭᠴᠡᠯᠡᠨ ᠵᠠᠰᠠᠬᠤ ᠠᠵᠢᠯ ᠤᠨ ᠪᠠᠶᠢᠳᠠᠯ ᠢᠶᠠᠨ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ ᠭᠡᠪᠡ᠃      ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠪᠠᠯᠭᠠᠰᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃  
ᠢᠷᠡᠯᠲᠡ᠄ ᠲᠤᠰ ᠰᠦᠯᠵᠢᠶ᠎ᠡ