ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠮᠧᠩ ᠰᠢᠶᠣᠣ ᠯᠢ
ᠨᠡᠶᠢᠲᠡᠯᠡᠭᠰᠡᠨ ᠴᠠᠭ᠄
2023/2/8
      ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠮᠧᠩ ᠰᠢᠶᠣᠣ ᠯᠢ᠄ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ ᠢᠷᠠᠭᠤ ᠠᠯᠳᠠᠷ ᠪᠠ ᠣᠮᠣᠭᠰᠢᠯ ᠢ ᠲᠥᠷᠥᠭᠳᠡᠭᠦᠯᠬᠦ ᠶᠢᠨ ᠵᠡᠷᠭᠡ ᠳᠤ ᠬᠠᠷᠢᠭᠤᠴᠠᠯᠭ᠎ᠠ ᠪᠠ ᠡᠭᠦᠷᠭᠡ ᠶᠢ ᠨᠠᠩ ᠣᠯᠠᠨ ᠲᠥᠷᠥᠭᠳᠡᠭᠦᠯᠦᠨ᠎ᠡ᠃ ︽ᠬᠤᠶᠠᠷ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ ᠲᠠᠢ ᠬᠤᠣᠰ ᠠᠵᠢᠯᠯᠠᠭ᠎ᠠ ᠲᠠᠢ ᠪᠠᠶᠢᠬᠤ︾ ᠤᠬᠠᠮᠰᠠᠷ ᠢ ᠢᠮᠠᠭᠲᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠦᠬᠦ ᠶᠠᠪᠤᠴᠠ ᠳᠤ ᠲᠤᠭᠤᠰᠢᠯᠠᠭᠤᠯᠤᠨ᠎ᠠ᠃      ᠡᠨᠡ ᠵᠢᠯ ᠪᠢ ︽ᠬᠡᠦᠬᠡᠳ ᠤᠨ ᠨᠡᠶᠢᠭᠡᠮ ᠲᠣᠭᠤᠷᠢᠭ ᠤᠨ ᠠᠮᠢ ᠠᠬᠤᠢ ᠶᠢᠨ ᠰᠢᠰᠲ᠋ᠧᠮ ᠢ ᠬᠠᠮᠵᠢᠯᠴᠠᠨ ᠪᠠᠶᠢᠭᠤᠯᠬᠤ︾ ᠲᠤᠬᠠᠢ ᠭᠡᠰᠢᠭᠦᠳ ᠤᠨ ᠶᠠᠷᠢᠶᠠᠨ ᠤ ᠮᠠᠲ᠋ᠧᠷᠢᠶᠠᠯ ᠢ ᠲᠤᠭᠤᠷᠪᠢᠵᠤ᠂ ᠬᠡᠦᠬᠡᠳ ᠤᠨ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠶᠢ ᠮᠠᠨ ᠤ ᠬᠤᠰᠢᠭᠤᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠲᠥᠯᠦᠪᠵᠢᠭᠦᠯᠭᠡ ᠳᠤ ᠣᠷᠣᠭᠤᠯᠵᠤ᠂ ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠨᠡᠶᠢᠭᠡᠮ ᠢᠶᠠᠷ ᠢᠶᠠᠨ ᠣᠷᠣᠯᠴᠠᠬᠤ᠂ ᠪᠦᠬᠦ ᠠᠷᠠᠳ ᠢᠶᠠᠷ ᠢᠶᠠᠨ ᠠᠵᠢᠯᠯᠠᠭ᠎ᠠ ᠥᠷᠨᠢᠭᠦᠯᠬᠦ ᠪᠦᠲᠦᠮᠵᠢᠲᠡᠢ ᠬᠠᠷᠢᠯᠴᠠᠨ ᠨᠥᠬᠦᠪᠦᠷᠢᠯᠡᠬᠦ᠂ ᠬᠠᠮᠵᠢᠯᠴᠠᠨ ᠬᠠᠮᠲᠤᠪᠠᠷ ᠪᠠᠶᠢᠭᠤᠯᠬᠤ ᠵᠠᠭᠪᠤᠷ ᠢ ᠪᠦᠷᠢᠯᠳᠦᠭᠦᠯᠵᠦ᠂ ᠳᠦᠷᠢᠮ᠂ ᠰᠣᠶᠣᠯ᠂ ᠣᠷᠣᠨ ᠵᠠᠢ᠂ ᠦᠢᠯᠡᠴᠢᠯᠡᠭᠡ᠂ ᠠᠵᠢᠯᠲᠠᠨ ᠵᠡᠷᠭᠡ ᠲᠠᠪᠤᠨ ᠲᠠᠯ᠎ᠠ ᠠᠴᠠ ᠭᠠᠷᠳᠠᠨ ᠦᠢᠯᠡᠳᠦᠯᠭᠡᠵᠢᠭᠦᠯᠵᠦ᠂ ᠲᠤᠷᠰᠢᠯᠭ᠎ᠠ ᠬᠤᠷᠠᠮᠳᠤᠭᠤᠯᠵᠤ᠂ ᠴᠡᠭ ᠢᠶᠠᠷ ᠨᠡᠶᠢᠳᠡᠮ ᠢ ᠳᠠᠶᠢᠴᠢᠯᠠᠬᠤ᠂ ᠲᠦᠷᠦᠯ ᠬᠤᠪᠢᠶᠠᠨ ᠲᠣᠭᠲᠠᠭᠤᠨ ᠢᠶᠠᠷ ᠠᠬᠢᠭᠤᠯᠬᠤ ᠬᠥᠭᠵᠢᠯᠲᠡ ᠶᠢᠨ ᠪᠠᠶᠢᠳᠠᠯ ᠢ ᠪᠦᠷᠢᠯᠳᠦᠭᠦᠯᠵᠦ᠂ ᠡᠵᠡᠨ ᠬᠤᠷᠤᠭ᠎ᠠ ᠳᠤ ᠠᠮᠢᠳᠤᠷᠠᠵᠤ ᠪᠠᠶᠢᠭ᠎ᠠ ᠬᠡᠦᠬᠡᠳ ᠨᠢᠭᠡᠪᠦᠷᠢ ᠶᠢ ᠬᠦᠰᠡᠯ ᠵᠡᠭᠦᠳᠦ ᠪᠠ ᠤᠷᠤᠭᠰᠢᠯᠠᠬᠤ ᠬᠦᠴᠦᠨ ᠲᠠᠢ ᠪᠣᠯᠭᠠᠨ᠎ᠠ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ