ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠯᠢᠦ ᠵᠢᠩ ᠵᠢᠩ
ᠨᠡᠶᠢᠲᠡᠯᠡᠭᠰᠡᠨ ᠴᠠᠭ᠄
2023/2/8
      ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠯᠢᠦ ᠵᠢᠩ ᠵᠢᠩ᠄ ᠥᠨᠥᠳᠥᠷ ᠤᠨ ᠡᠶᠢᠮᠦ ᠨᠢᠭᠡᠨ ᠦᠪᠡᠳᠡᠭᠰᠢ ᠴᠤᠭᠯᠠᠭᠠᠨ ᠳᠡᠭᠡᠷ᠎ᠡ ᠪᠢ ᠦᠨᠳᠦᠰᠦᠲᠡᠨ ᠤ ᠬᠤᠪᠴᠠᠰᠤ ᠡᠮᠦᠰᠦᠭᠰᠡᠨ ᠨᠢ ᠴᠥᠭᠡᠨ ᠲᠣᠭᠠᠲᠤ ᠦᠨᠳᠦᠰᠦᠲᠡᠨ ᠤ ᠰᠣᠶᠣᠯ ᠢ ᠳᠡᠯᠭᠡᠨ ᠦᠵᠡᠭᠦᠯᠵᠦ᠂ ᠰᠣᠶᠣᠯ ᠤᠨ ᠤᠯᠠᠮᠵᠢᠯᠠᠯ ᠢ ᠵᠠᠯᠭᠠᠮᠵᠢᠯᠠᠭᠰᠠᠨ ᠰᠠᠭᠤᠷᠢᠨ ᠳᠡᠭᠡᠷ᠎ᠡ ᠲᠠᠰᠤᠷᠠᠯᠲᠠ ᠦᠭᠡᠢ ᠰᠢᠨ᠎ᠡ ᠶᠢ ᠡᠭᠦᠳᠬᠦ ᠴᠠᠭ ᠦᠶ᠎ᠡ ᠶᠢᠨ ᠵᠣᠷᠢᠭ ᠰᠠᠨᠠᠭ᠎ᠠ ᠶᠢ ᠬᠠᠷᠠᠭᠤᠯᠤᠭᠰᠠᠨ ᠪᠥᠭᠡᠳ ᠪᠠᠰᠠ ᠴᠤ ᠮᠠᠨ ᠤ ᠦᠨᠳᠦᠰᠦᠲᠡᠨ ᠤ ᠰᠣᠶᠣᠯ ᠤᠨ ᠢᠲᠡᠭᠡᠯ ᠤᠨ ᠢᠯᠡᠷᠡᠭᠦᠯᠦᠯ ᠮᠥᠨ᠂ ᠨᠡᠩ ᠴᠤ ᠦᠨᠳᠦᠰᠦᠲᠡᠨ ᠤ ᠪᠦᠯᠬᠦᠮᠳᠡᠯ ᠤᠨ ᠪᠡᠯᠭᠡ ᠲᠡᠮᠳᠡᠭ ᠮᠥᠨ᠃       ᠴᠥᠭᠡᠨ ᠲᠣᠭᠠᠲᠤ ᠦᠨᠳᠦᠰᠦᠲᠡᠨ ᠤ ᠭᠡᠰᠢᠭᠦᠨ ᠪᠣᠯᠤᠭᠰᠠᠨ ᠤ ᠬᠤᠪᠢ ᠳᠤ ᠪᠢ ᠥᠪᠡᠷ ᠤᠨ ᠬᠠᠷᠢᠭᠤᠴᠠᠯᠭᠠᠲᠤ ᠤᠬᠠᠮᠰᠠᠷ ᠪᠣᠯᠣᠨ ᠬᠠᠷᠢᠭᠤᠴᠠᠯᠭ᠎ᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠨᠡᠩ ᠴᠤ ᠭᠡᠰᠢᠭᠦᠳ ᠤᠨ ᠳᠠᠪᠠᠭᠤᠯᠢᠭ ᠢ ᠪᠠᠳᠠᠷᠠᠭᠤᠯᠵᠤ᠂ ᠦᠨᠳᠦᠰᠦᠲᠡᠨ ᠤ ᠰᠣᠶᠣᠯ ᠢ ᠠᠵᠢᠯ ᠠᠮᠢᠳᠤᠷᠠᠯ ᠤᠨ ᠡᠯ᠎ᠡ ᠲᠠᠯ᠎ᠠ ᠳᠤ ᠠᠭᠤᠰᠤᠯᠴᠠᠭᠤᠯᠵᠤ᠂ ᠢᠯᠠᠩᠭᠤᠶ᠎ᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠪᠤᠴᠠ ᠳᠤ᠂ ᠦᠨᠳᠦᠰᠦᠲᠡᠨ ᠤ ᠤᠯᠠᠮᠵᠢᠯᠠᠯᠲᠤ ᠰᠣᠶᠣᠯ ᠤᠨ ᠬᠦᠴᠦᠨ ᠢ ᠪᠠᠳᠠᠷᠠᠭᠤᠯᠵᠤ᠂ ᠣᠷᠣᠨ ᠨᠤᠲᠤᠭ ᠤᠨ ᠦᠨᠳᠦᠰᠦᠲᠡᠨ ᠤ ᠣᠨᠴᠠᠯᠢᠭ ᠲᠠᠢ ᠲᠦᠷᠦᠯ ᠲᠡᠮᠳᠡᠭ ᠢ ᠡᠭᠦᠳᠬᠦ ᠪᠠ ᠳᠡᠯᠭᠡᠷᠡᠭᠦᠯᠵᠦ᠂ ᠤᠯᠠᠨ ᠳᠤ ᠦᠨᠳᠦᠰᠦᠲᠡᠨ ᠤ ᠤᠯᠠᠮᠵᠢᠯᠠᠯᠲᠤ ᠰᠣᠶᠣᠯ ᠢ ᠮᠡᠳᠡᠭᠦᠯᠬᠦ᠂ ᠲᠠᠨᠢᠭᠤᠯᠬᠤ᠂ ᠪᠠᠭ᠋ᠠᠷᠬᠠᠬᠤ ᠪᠣᠯᠭᠠᠬᠤ ᠶᠢ ᠬᠦᠰᠡᠵᠦ ᠪᠠᠶᠢᠨ᠎ᠠ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ