ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠾᠧ ᠯᠢ ᠮᠧᠶ
ᠨᠡᠶᠢᠲᠡᠯᠡᠭᠰᠡᠨ ᠴᠠᠭ᠄
2023/2/8
      ᠡᠵᠡᠨ ᠬᠤᠷᠤᠭ᠎ᠠ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠡᠬᠢᠯᠡᠬᠦ ᠠᠴᠠ ᠡᠮᠦᠨ᠎ᠡ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠾᠧ ᠯᠢ ᠮᠧᠶ᠂ ᠴᠢᠦ ᠯᠠᠢ᠂ ᠶᠠᠩ ᠬᠤᠶ᠂ ᠯᠢ ᠰᠢᠸ ᠴᠢᠨ ᠲᠥᠯᠥᠭᠡᠯᠡᠭᠴᠢ ᠭᠡᠰᠢᠭᠦᠨ ᠤ ᠰᠤᠷᠪᠤᠯᠵᠢᠯᠠᠭ᠎ᠠ ᠶᠢᠨ ᠦᠷᠳᠡᠭᠡ ᠳᠤ᠂ ᠠᠷᠠᠳ ᠤᠨ ᠠᠮᠢᠳᠤᠷᠠᠯ ᠤᠨ ᠬᠠᠯᠠᠮᠰᠢᠯ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃       ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠾᠧ ᠯᠢ ᠮᠧᠶ᠄ ᠨᠡᠶᠢᠭᠡᠮ ᠲᠣᠭᠤᠷᠢᠭ ᠤᠨ ᠠᠵᠢᠯᠲᠠᠨ ᠪᠣᠯᠤᠭᠰᠠᠨ ᠤ ᠬᠤᠪᠢ ᠳᠤ᠂ ᠪᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠪᠠ ᠰᠠᠭᠤᠭᠠᠯᠢ ᠠᠷᠠᠳ ᠤᠨ ᠪᠠᠴᠢᠮ ᠲᠤᠯᠭᠠᠮ᠎ᠠ ᠵᠣᠪᠠᠭᠤᠷᠢ ᠵᠦᠳᠡᠭᠦᠷᠢ ᠲᠠᠢ ᠠᠰᠠᠭᠤᠳᠠᠯ ᠢ ᠠᠩᠬᠠᠷᠴᠤ᠂ ᠲᠣᠰ ᠤᠳᠠᠭᠠᠨ ᠤ ᠬᠤᠷᠠᠯ ᠤᠨ ᠬᠤᠭᠤᠴᠠᠭᠠᠨ ᠳᠤ ᠮᠢᠨᠤ ᠳᠤᠷᠠᠳᠤᠭᠰᠠᠨ ᠰᠠᠨᠠᠭᠤᠯᠭ᠎ᠠ ᠪᠣᠯ ᠨᠠᠰᠤᠲᠠᠶᠢᠴᠤᠳ ᠤᠨ ᠬᠤᠭᠤᠯᠠ ᠤᠮᠳᠠ ᠳᠤ ᠲᠤᠰᠠᠯᠠᠬᠤ ᠦᠢᠯᠡᠴᠢᠯᠡᠭᠡᠨ ᠤ ᠨᠥᠬᠦᠪᠦᠷᠢ ᠶᠢᠨ ᠬᠡᠪᠴᠢᠶ᠎ᠡ ᠶᠢ ᠥᠷᠭᠡᠳᠬᠡᠬᠦ ᠶᠠᠪᠤᠳᠠᠯ ᠪᠣᠯᠣᠨ᠎ᠠ᠃ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠬᠤᠭᠤᠯᠠ ᠤᠮᠳᠠ ᠶᠢ ᠲᠤᠰᠠᠯᠠᠬᠤ ᠦᠢᠯᠡᠴᠢᠯᠡᠭᠡ ᠶᠢ ᠨᠡᠩ ᠰᠠᠶᠢᠨ ᠠᠬᠢᠭᠤᠯᠵᠤ᠂ ᠨᠠᠰᠤᠲᠠᠶᠢᠴᠤᠳ ᠤᠨ ᠬᠠᠷᠢᠶ᠎ᠠ ᠣᠷᠣᠨ ᠠᠴᠠ ᠪᠠᠨ ᠭᠠᠷᠬᠤ ᠦᠭᠡᠢ ᠪᠠᠷ ᠬᠠᠯᠠᠭᠤᠨ ᠬᠤᠭᠤᠯᠠ ᠣᠯᠵᠤ ᠢᠳᠡᠬᠦ ᠶᠢ ᠪᠡᠶᠡᠯᠡᠭᠦᠯᠵᠦ᠂ ᠵᠣᠯ ᠵᠢᠷᠭᠠᠯ ᠢ ᠬᠤᠭᠤᠯᠠᠨ ᠰᠢᠷᠡᠭᠡᠨ ᠳᠡᠭᠡᠷ᠎ᠡ ᠠᠪᠴᠢᠷᠠᠬᠤ ᠶᠢᠨ ᠲᠥᠯᠥᠭᠡ᠂ ᠪᠢ ᠳᠣᠣᠷᠠᠬᠢ ᠬᠡᠳᠦᠨ ᠰᠠᠨᠠᠭᠤᠯᠭ᠎ᠠ ᠶᠢ ᠳᠤᠷᠠᠳᠤᠶ᠎ᠠ᠄       ᠡᠩ ᠲᠡᠷᠢᠭᠦᠨ ᠳᠤ ᠨᠠᠰᠤᠲᠠᠶᠢᠴᠤᠳ ᠤᠨ ᠬᠤᠭᠤᠯᠠ ᠢᠳᠡᠬᠦ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠨ᠎ᠡ᠃ ᠣᠳᠣᠬᠠᠨ ᠳᠤ᠂ ᠨᠠᠰᠤᠲᠠᠶᠢᠴᠤᠳ ᠤᠨ ᠬᠤᠭᠤᠯᠠ ᠲᠤᠰᠠᠯᠠᠬᠤ ᠦᠢᠯᠡᠴᠢᠯᠡᠭᠡᠨ ᠤ ᠭᠤᠣᠯᠳᠠᠯᠭ᠎ᠠ ᠶᠢ ᠪᠦᠬᠦᠯᠢ 65 ᠨᠠᠰᠤᠨ ᠎ ᠠᠴᠠ ᠳᠡᠭᠡᠭᠰᠢᠬᠢ ᠨᠠᠰᠤᠲᠠᠶᠢᠴᠤᠳ ᠢᠶᠠᠷ ᠭᠤᠣᠯᠳᠠᠭᠤᠯᠵᠤ᠂ ᠠᠰᠢᠭ ᠭᠥᠷᠳᠡᠬᠦ ᠬᠡᠪᠴᠢᠶ᠎ᠡ ᠶᠢ ᠥᠷᠭᠡᠳᠬᠡᠵᠦ᠂ ᠪᠦᠬᠦᠯᠢ 60 ᠨᠠᠰᠤ ᠎ ᠠᠴᠠ ᠪᠦᠬᠦᠯᠢ 65 ᠨᠠᠰᠤ ᠬᠦᠷᠲᠡᠯᠡᠬᠢ ᠨᠠᠰᠤᠲᠠᠶᠢᠴᠤᠳ ᠤᠨ ᠬᠡᠷᠡᠭᠴᠡᠭᠡ ᠱᠠᠭᠠᠷᠳᠠᠯᠭ᠎ᠠ ᠶᠢ ᠬᠠᠮᠲᠤ ᠳᠤᠨᠢ ᠬᠠᠷᠠᠭᠠᠯᠵᠠᠵᠤ᠂ ᠪᠣᠳᠠᠲᠠᠢ ᠬᠢᠬᠦ ᠶᠠᠪᠤᠴᠠ ᠳᠤ ᠨᠠᠰᠤᠨ ᠤ ᠥᠨᠳᠥᠷ ᠪᠣᠭᠤᠨᠢ ᠶᠢ ᠦᠨᠳᠦᠰᠦᠯᠡᠨ ᠱᠠᠲᠤᠯᠢᠭ ᠬᠠᠷᠠᠭᠠᠯᠵᠠᠯ ᠦᠵᠡᠭᠦᠯᠬᠦ ᠶᠢ ᠬᠡᠷᠡᠭᠵᠢᠭᠦᠯᠬᠦ ᠶᠢ ᠰᠠᠨᠠᠭᠤᠯᠵᠤ ᠪᠠᠶᠢᠨ᠎ᠠ᠃       ᠳᠠᠷᠠᠭ᠎ᠠ ᠳᠤᠨᠢ ᠨᠠᠰᠤᠲᠠᠶᠢᠴᠤᠳ ᠤᠨ ᠬᠤᠭᠤᠯᠠ ᠢᠳᠡᠬᠦ ᠦᠢᠯᠡᠴᠢᠯᠡᠭᠡᠨ ᠤ ᠨᠥᠬᠦᠪᠦᠷᠢ ᠶᠢ ᠥᠷᠭᠡᠳᠬᠡᠨ᠎ᠡ᠃ ᠣᠳᠣᠬᠠᠨ ᠳᠤ ᠨᠠᠰᠤᠲᠠᠶᠢᠴᠤᠳ ᠤᠨ ᠬᠤᠭᠤᠯᠠ ᠲᠤᠰᠠᠯᠠᠬᠤ ᠦᠢᠯᠡᠴᠢᠯᠡᠭᠡᠨ ᠤ ᠨᠥᠬᠦᠪᠦᠷᠢ ᠶᠢ ᠭᠤᠣᠯᠳᠠᠭᠤ ᠥᠷᠯᠥᠭᠡ ᠶᠢᠨ ᠪᠠ ᠦᠳᠡ ᠬᠤᠶᠠᠷ ᠴᠠᠭ ᠤᠨ ᠬᠤᠭᠤᠯᠠ ᠪᠠᠷ ᠭᠤᠣᠯ ᠪᠣᠯᠭᠠᠵᠤ ᠪᠠᠶᠢᠨ᠎ᠠ᠂ ᠬᠡᠷᠪᠡ ᠬᠤᠭᠤᠯᠠ ᠲᠤᠰᠠᠯᠠᠬᠤ ᠦᠢᠯᠡᠴᠢᠯᠡᠭᠡᠨ ᠤ ᠨᠥᠬᠦᠪᠦᠷᠢ ᠶᠢ ᠣᠷᠣᠢ ᠶᠢᠨ ᠬᠤᠭᠤᠯᠠᠨ ᠳᠤ ᠬᠦᠷᠲᠡᠯ᠎ᠡ ᠥᠷᠭᠡᠳᠬᠡᠬᠦ ᠶᠢᠨ ᠬᠠᠮᠲᠤ ᠬᠡᠷᠡᠭᠴᠡᠭᠡ ᠲᠠᠢ ᠨᠠᠰᠤᠲᠠᠶᠢᠴᠤᠳ ᠲᠤ ᠬᠤᠭᠤᠯᠠ ᠬᠦᠷᠭᠡᠬᠦ ᠦᠢᠯᠡᠴᠢᠯᠡᠭᠡᠨ ᠤ ᠨᠥᠬᠦᠪᠦᠷᠢ ᠬᠠᠩᠭᠠᠪᠠᠯ᠂ ᠨᠠᠰᠤᠲᠠᠶᠢᠴᠤᠳ ᠤᠨ ᠡᠳᠦᠷ ᠤᠨ ᠭᠤᠷᠪᠠᠨ ᠴᠠᠭ ᠤᠨ ᠬᠤᠭᠤᠯᠠᠨ ᠤ ᠵᠣᠪᠠᠭᠤᠷᠢ ᠶᠢ ᠰᠢᠢᠳᠪᠦᠷᠢᠯᠡᠵᠦ ᠲᠠᠶᠢᠯᠤᠨ᠎ᠠ᠃       ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ ᠪᠠᠷ ᠳᠠᠮᠵᠢᠨ ᠨᠠᠰᠤᠲᠠᠶᠢᠴᠤᠳ ᠲᠤ ᠨᠡᠩ ᠲᠠᠭᠠᠯᠠᠮᠵᠢᠲᠠᠢ ᠥᠲᠡᠯᠦᠭᠡ ᠨᠠᠰᠤᠨ ᠤ ᠠᠮᠢᠳᠤᠷᠠᠯ ᠢ ᠡᠳ᠋ᠯᠡᠭᠦᠯᠦᠨ᠎ᠡ︕
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ